ᠵᠡᠭᠡᠯᠢ ᠳᠤᠭᠤᠷᠢᠨ ᠠᠵᠢᠯ ᠡᠷᠢᠵᠤ ᠪᠠᠶᠢᠭᠰᠠᠨ ᠠᠴᠠ ᠭᠡᠷ ᠲᠡᠭᠡᠨ ᠰᠠᠭᠤᠵᠤ ᠠᠵᠢᠯ ᠤᠯᠬᠤ ᠪᠤᠯᠳᠠᠯᠠᠬᠢ ᠬᠤᠪᠢᠷᠠᠯᠳᠠ
ᠨᠡᠶᠢᠲᠡᠯᠡᠭᠰᠡᠨ ᠴᠠᠭ᠄
2025/5/20
        — ᠬᠢᠩᠭᠠᠨ ᠠᠶᠢᠮᠠᠭ ᠰᠤᠯᠠ ᠠᠵᠢᠯ ᠤᠨ ᠵᠠᠬ᠎ᠠ ᠲᠡᠯᠭᠡᠬᠦᠷ ᠤᠨ ᠪᠠᠶᠢᠭᠤᠯᠤᠯᠳᠠ ᠶᠢ ᠲᠡᠬᠦᠯᠳᠡᠷᠵᠢᠬᠦᠯᠵᠦ ᠠᠵᠢᠯ ᠤᠯᠭᠤᠯᠳᠠ ᠶᠢ ᠠᠬᠢᠭᠤᠯᠤᠭᠰᠠᠨ ᠲᠤᠬᠠᠢ ᠲᠡᠮᠳᠡᠭᠯᠡᠯ        ᠦᠷᠯᠦᠭᠡ ᠶᠢᠨ ᠨᠠᠷᠠᠨ ᠤ ᠲᠤᠶᠠᠭ᠎ᠠ ᠬᠢᠩᠭᠠᠨ ᠠᠶᠢᠮᠠᠭ ᠤᠨ ᠮᠢᠨ ᠱᠧᠩ ᠲᠤᠮᠦ ᠠᠰᠠᠷ ᠤᠨ ᠡᠯᠧᠺᠲᠷᠤᠨ ᠲᠡᠯᠭᠡᠴᠡ ᠳᠤ ᠲᠤᠰᠬᠤ ᠲᠠᠢ ᠵᠡᠷᠭᠡᠪᠡᠷ ᠲᠠᠷᠠᠭᠠᠯᠠᠨ ᠢᠯᠡᠷᠡᠭᠰᠡᠨ ᠲᠤᠭ᠎ᠠ ᠪᠠᠷᠢᠮᠳᠠ ᠶᠢᠨ ᠤᠷᠤᠰᠬᠠᠯ ᠨᠢ ᠶᠠᠭ ᠯᠡ ᠬᠢᠩᠭᠠᠨ ᠠᠶᠢᠮᠠᠭ ᠤᠨ ᠠᠵᠢᠯ ᠤᠯᠭᠤᠯᠳᠠ ᠶᠢᠨ ᠦᠢᠯᠡᠴᠢᠯᠡᠭᠡ ᠶᠢᠨ ︽ᠲᠤᠭᠠᠴᠢᠯᠠᠭᠰᠠᠨ ᠯᠤᠭᠰᠢᠯᠳᠠ︾ ᠰᠡᠮᠭᠡᠨ ᠨᠡᠭᠡᠭᠡᠭᠳᠡᠭᠰᠡᠨ ᠮᠡᠳᠦ ᠰᠠᠨᠠᠭᠳᠠᠭᠤᠯᠤᠨ᠎ᠠ᠃        ᠥᠪᠥᠷ ᠮᠣᠩᠭᠤᠯ ᠤᠨ ᠠᠩᠬᠠᠳᠠᠭᠴᠢ ︽ᠮᠦᠩᠭᠡ ᠰᠤᠪᠠᠭ︾ ᠲᠤ ᠵᠠᠯᠭᠠᠭᠰᠠᠨ ᠰᠤᠯᠠ ᠠᠵᠢᠯ ᠤᠨ ᠦᠢᠯᠡᠴᠢᠯᠡᠭᠡ ᠶᠢᠨ ᠵᠢᠭᠰᠠᠭᠠᠯ ᠪᠤᠯᠤᠭᠰᠠᠨ ᠤ ᠬᠤᠪᠢ ᠳᠤ ᠬᠢᠩᠭᠠᠨ ᠠᠶᠢᠮᠠᠭ ᠤᠨ ᠬᠢᠨ 11 ᠲᠦᠷᠢᠮᠵᠢᠭᠰᠡᠨ ᠵᠠᠬ᠎ᠠ ᠲᠡᠯᠭᠡᠬᠦᠷ᠂ 2 ᠤᠶᠤᠡᠴᠢ ᠲᠠᠪᠴᠠᠩ ᠪᠠ ︽1+6+N︾ ᠦᠢᠯᠡᠴᠢᠯᠡᠭᠡᠨ ᠤ ᠲᠣᠤᠷ ᠰᠦᠯᠵᠢᠶ᠎ᠡ ᠪᠠᠷ ᠰᠤᠯᠠ ᠠᠵᠢᠯ ᠤᠨ ᠵᠠᠬ᠎ᠠ ᠲᠡᠯᠭᠡᠬᠦᠷ ᠢ ᠬᠤᠳᠠ ᠬᠦᠳᠡᠭᠡ ᠶᠢ ᠬᠠᠮᠤᠷᠤᠭᠰᠠᠨ ᠠᠵᠢᠯ ᠤᠯᠭᠤᠯᠳᠠ ᠶᠢᠨ ᠲᠦᠪ ᠪᠤᠯᠭᠠᠨ ᠲᠡᠰ ᠲᠡᠪᠰᠢᠬᠦᠯᠪᠡ᠃        ︽ᠬᠢᠩᠭᠠᠨ ᠰᠤᠯᠠ ᠠᠵᠢᠯ ᠤᠨ ᠵᠠᠬ᠎ᠠ ᠲᠡᠯᠭᠡᠬᠦᠷ ᠢᠶᠠᠷ ᠲᠠᠮᠵᠢᠨ ᠪᠢ ᠲᠤᠰ ᠠᠵᠢᠯ ᠢ ᠣᠯᠵᠠᠶ᠂ ᠴᠠᠯᠢᠩ ᠬᠦᠯᠦᠰᠦ ᠨᠢ ᠲᠤᠭᠳᠠᠪᠤᠷᠢᠳᠠᠢ ᠪᠠᠶᠢᠵᠦ᠂ ᠰᠠᠷ᠎ᠠ ᠪᠦᠷᠢ 3000 ᠭᠠᠷᠤᠶ ᠲᠥᠭᠦᠷᠢᠭ ᠤᠨ ᠣᠷᠣᠯᠭ᠎ᠠ ᠣᠯᠤᠨ᠎ᠠ᠂ ᠲᠦᠢᠯ ᠢᠶᠠᠷ ᠰᠡᠳᠭᠢᠯ ᠬᠠᠨᠤᠮᠵᠢᠲᠠᠶ ᠪᠠᠶᠢᠨ᠎ᠠ︾ ᠭᠡᠵᠦ ᠲᠦᠴᠢᠤᠸᠠᠨ ᠰᠢᠶᠠᠨ ᠤ ᠲᠦᠴᠢᠤᠸᠠᠨ ᠪᠠᠯᠭᠠᠰᠦ ᠶᠢᠨ ᠲᠢᠶᠠᠨ ᠬᠤᠸᠠ ᠬᠡᠯᠡᠨ᠎ᠡ᠃ ᠤᠯᠠᠨ ᠵᠢᠯ ᠤᠨ ᠲᠤᠷᠰᠢ᠂ ᠭᠠᠳᠠᠨ᠎ᠠ ᠭᠠᠵᠠᠷ ᠤᠷᠤᠨ ᠳᠤ ᠬᠦᠯᠦᠰᠦᠨ ᠠᠵᠢᠯ ᠬᠢᠵᠦ᠂ ᠨᠠᠰᠦ ᠨᠢ ᠨᠡᠮᠡᠭᠳᠡᠬᠦ ᠶᠢ ᠲᠠᠭᠠᠯᠳᠤᠨ ᠲᠡᠷᠡ ᠨᠤᠳᠤᠭ ᠲᠠᠭᠠᠨ ᠬᠠᠷᠢᠵᠦ ᠠᠵᠢᠯ ᠤᠯᠬᠤ ᠰᠠᠨᠠᠭ᠎ᠠ ᠲᠠᠢ ᠪᠤᠯᠵᠠᠢ᠃ ᠲᠡᠷᠡ ᠲᠤᠷᠰᠢᠵᠦ ᠦᠵᠡᠬᠦ ᠪᠤᠳᠤᠯ ᠢᠶᠠᠷ ᠬᠢᠩᠭᠠᠨ ᠰᠤᠯᠠ ᠠᠵᠢᠯ ᠤᠨ ᠵᠠᠬ᠎ᠠ ᠲᠡᠯᠭᠡᠬᠦᠷ ᠲᠤ ᠬᠦᠷᠴᠦ ᠠᠰᠠᠭᠤᠨ ᠯᠠᠪᠯᠠᠭᠰᠠᠨ ᠤ ᠲᠠᠷᠠᠭ᠎ᠠ ᠦᠪᠡᠷ ᠤᠨ ᠬᠦᠰᠡᠯ ᠱᠠᠭᠠᠷᠳᠠᠯᠭ᠎ᠠ ᠲᠠᠢ ᠪᠠᠨ ᠨᠡᠶᠢᠴᠡᠭᠰᠡᠨ ᠠᠵᠢᠯ ᠤᠯᠤᠭᠰᠠᠨ ᠪᠠᠶᠢᠨ᠎ᠠ᠃        ︽ᠰᠤᠯᠠ ᠠᠵᠢᠯ ᠬᠢᠬᠦ ᠠᠵᠢᠯᠴᠢᠨ ᠬᠠᠮᠢᠭ᠎ᠠ ᠲᠦᠪᠯᠡᠷᠡᠪᠡᠯ ᠵᠠᠬ᠎ᠠ ᠲᠡᠯᠭᠡᠬᠦᠷ ᠢ ᠲᠡᠨᠳᠡ ᠪᠠᠶᠢᠭᠤᠯᠤᠨ ᠦᠢᠯᠡᠴᠢᠯᠡᠭᠡ ᠶᠢᠨ ᠪᠠᠳᠤᠯᠠᠭ᠎ᠠ ᠬᠠᠩᠭᠠᠨ᠎ᠠ︾ ᠭᠡᠬᠦ ᠵᠠᠷᠴᠢᠮ ᠶᠤᠰᠤᠭᠠᠷ᠂ ᠬᠢᠩᠭᠠᠨ ᠠᠶᠢᠮᠠᠭ ᠬᠥᠮᠦᠨ ᠠᠮᠠ ᠶᠢᠨ ᠤᠷᠤᠰᠬᠠᠯ ᠤᠨ ᠬᠡᠮᠵᠢᠶ᠎ᠡ ᠶᠡᠭᠡ᠂ ᠵᠠᠮ ᠬᠠᠷᠢᠯᠴᠠᠭ᠎ᠠ ᠲᠥᠬᠦᠮ᠂ ᠠᠶᠠᠨᠳᠠᠭᠠᠨ ᠴᠤᠭᠯᠠᠷᠠᠭᠰᠠᠨ ᠣᠷᠣᠨ ᠪᠦᠰᠡ ᠳᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠤᠯᠠ ᠠᠵᠢᠯ ᠤᠨ ᠵᠠᠬ᠎ᠠ ᠳᠡᠯᠭᠡᠭᠦᠷ ᠢ ᠪᠠᠶᠢᠭᠤᠯᠪᠠ᠃        ᠪᠥᠬᠦ ᠠᠶᠢᠮᠠᠭ ᠤᠨ ᠰᠤᠯᠠ ᠠᠵᠢᠯ ᠤᠨ ᠵᠠᠬ᠎ᠠ ᠳᠡᠯᠭᠡᠭᠦᠷ ᠨᠢ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ᠂ ᠠᠵᠢᠯᠴᠢᠨ ᠡᠯᠰᠡᠬᠦ ᠳᠡᠩᠰᠡᠯᠡᠯᠲᠡ᠂ ᠠᠵᠢᠯ ᠣᠯᠭᠤᠯᠲᠠ ᠶᠢᠨ ᠲᠠᠨᠢᠯᠴᠠᠭᠤᠯᠭ᠎ᠠ᠂ ᠲᠦᠷᠦ ᠶᠢᠨ ᠪᠤᠳᠤᠯᠭ᠎ᠠ ᠶᠢᠨ ᠯᠠᠪᠯᠠᠯᠳᠠ ᠵᠡᠷᠭᠡ ︽ᠪᠦᠬᠦ ᠬᠡᠯᠬᠢᠶᠡᠵᠢᠭᠰᠡᠨ︾ ᠲᠤᠳᠤᠨᠤ ᠦᠢᠯᠡᠴᠢᠯᠡᠭᠡ ᠬᠠᠩᠭᠠᠵᠦ᠂ ᠪᠦᠳᠦᠴᠡ ᠶᠢᠨ ᠴᠢᠨᠠᠷᠳᠠᠢ ᠠᠵᠢᠯ ᠤᠯᠭᠤᠯᠳᠠ ᠶᠢᠨ ᠵᠦᠷᠢᠴᠡᠯ ᠢ ᠪᠦᠳᠦᠮᠵᠢᠳᠡᠢ ᠨᠡᠮᠳᠠᠭᠤᠯᠵᠦ᠂ ᠰᠤᠯᠠ ᠠᠵᠢᠯ ᠡᠷᠢᠭᠰᠡᠳ ᠤᠨ ᠴᠢᠨᠠᠷ ᠰᠠᠶᠢᠳᠠᠢ ᠠᠵᠢᠯ ᠤᠯᠬᠤ ᠶᠢ ᠠᠬᠢᠭᠤᠯᠵᠠᠢ᠃ ᠤᠳᠤᠬᠠᠨ ᠪᠤᠯᠳᠠᠯ᠎ᠠ᠂ ᠪᠥᠬᠦ ᠠᠶᠢᠮᠠᠭ ᠲᠤ ᠨᠢᠭᠡᠨᠲᠡ ᠪᠤᠳᠠᠳᠤ ᠴᠤᠭᠴᠠ ᠶᠢᠨ ᠰᠤᠯᠠ ᠠᠵᠢᠯ ᠤᠨ ᠲᠦᠷᠢᠮᠵᠢᠭᠰᠡᠨ ᠵᠠᠬ᠎ᠠ ᠳᠡᠯᠭᠡᠭᠦᠷ ᠢ 11 ᠪᠠᠶᠢᠭᠤᠯᠵᠤ᠂ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢ ᠬᠠᠮᠤᠷᠤᠭᠰᠠᠨ ᠪᠥᠭᠡᠳ ᠰᠦᠯᠵᠢᠶᠡᠨ ᠦᠢᠯᠡᠴᠢᠯᠡᠭᠡᠨ ᠤ 2 ᠲᠠᠪᠴᠠᠩ ᠢ ᠵᠡᠷᠭᠡᠪᠡᠷ ᠪᠠᠶᠢᠭᠤᠯᠵᠤ᠂ 1.81 ᠲᠦᠮᠡᠨ ᠬᠦᠮᠦᠨ ᠤ ᠠᠵᠢᠯ ᠤᠯᠭᠤᠯᠳᠠ ᠶᠢ ᠠᠬᠢᠭᠤᠯᠪᠠ᠃ ᠡᠭᠦᠨ ᠠᠴᠠ ᠭᠠᠳᠠᠨ᠎ᠠ᠂ ᠰᠤᠯᠠ ᠠᠵᠢᠯ ᠤᠨ ᠵᠠᠬ᠎ᠠ ᠳᠡᠯᠭᠡᠭᠦᠷ ᠪᠠᠰᠠ ᠰᠤᠯᠠ ᠠᠵᠢᠯ ᠤᠨ ᠲᠤᠭ᠎ᠠ ᠪᠠᠷᠢᠮᠲᠠ ᠶᠢᠨ ᠬᠥᠮᠥᠷᠭᠡ ᠪᠠ ᠬᠥᠮᠦᠨ ᠬᠡᠷᠡᠭᠯᠡᠬᠦ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠠᠵᠦ ᠠᠬᠤᠶᠢᠯᠠᠯ ᠳᠤ ᠠᠵᠢᠯ ᠮᠡᠷᠭᠡᠵᠢᠯ ᠤᠨ ᠮᠡᠳᠡᠭᠡ ᠵᠠᠩᠬᠢ ᠶᠢ ᠨᠡᠶᠢᠳᠡᠯᠡᠬᠦ᠂ ᠠᠵᠢᠯ ᠤᠯᠭᠤᠯᠳᠠ ᠶᠢ ᠵᠤᠯᠭᠠᠭᠤᠯᠬᠤ᠂ ᠠᠵᠢᠯ ᠡᠷᠢᠬᠦ ᠮᠡᠳᠡᠭᠡ ᠵᠠᠩᠬᠢ ᠶᠢ ᠨᠡᠶᠢᠳᠡᠯᠡᠬᠦ ᠵᠡᠷᠭᠡ ᠠᠭᠤᠯᠭ᠎ᠠ ᠶᠢ ᠬᠠᠩᠭᠠᠵᠦ᠂ ︽ᠨᠢᠭᠡ ᠬᠡᠯᠬᠢᠶ᠎ᠡ︾ ︽ᠪᠦᠬᠦ ᠲᠠᠯ᠎ᠠ︾ ᠶᠢᠨ ᠦᠢᠯᠡᠴᠢᠯᠡᠭᠡ ᠬᠠᠩᠭᠠᠬᠤ ᠶᠢ ᠪᠡᠶᠡᠯᠡᠬᠦᠯᠵᠡᠢ᠃        ᠬᠢᠩᠭᠠᠨ ᠠᠶᠢᠮᠠᠭ ᠤᠨ ᠮᠢᠨ ᠱᠧᠩ ᠲᠤᠮᠤ ᠠᠰᠠᠷ ᠤᠨ ᠲᠤᠳᠤᠨ᠎ᠠ᠂ ᠬᠢᠩᠭᠠᠨ ᠠᠶᠢᠮᠠᠭ ᠤᠨ ᠰᠤᠯᠠ ᠠᠵᠢᠯ ᠤᠨ ᠵᠠᠬ᠎ᠠ ᠲᠡᠯᠭᠡᠬᠦᠷ ᠤᠨ ᠡᠯᠧᠺᠲᠷᠤᠨ ᠲᠡᠯᠭᠡᠴᠡ ᠳᠤ ᠠᠵᠢᠯᠴᠢᠨ ᠬᠡᠷᠡᠭᠯᠡᠬᠦ ᠮᠡᠳᠡᠭᠡ ᠵᠠᠩᠬᠢ ᠶᠢ ᠴᠠᠭ ᠲᠤᠬᠠᠢ ᠳᠤᠨᠢ ᠨᠡᠶᠢᠳᠡᠯᠡᠨ᠎ᠡ᠃ ᠮᠤᠳᠤᠨ ᠲᠠᠷᠬᠠᠨ ᠭᠡᠷᠡᠯᠳᠦ ︽ᠬᠢᠩᠭᠠᠨ ᠰᠤᠯᠠ ᠠᠵᠢᠯ︾ ᠤᠨ APP ᠢᠶᠠᠷ ᠲᠠᠮᠵᠢᠨ ᠨᠢᠭᠡ ᠡᠳᠦᠷ ᠤᠨ ᠵᠠᠬᠢᠶᠠᠯᠠᠭ᠎ᠠ ᠶᠢᠨ ᠠᠵᠢᠯ ᠢᠶᠠᠨ ᠲᠤᠰᠪᠠ᠃ ︽ᠦᠩᠭᠡᠷᠡᠭᠰᠡᠨ ᠳᠤ ᠵᠤᠨ ᠤ ᠬᠠᠯᠠᠭᠤᠨ ᠡᠪᠤᠯ ᠤᠨ ᠭᠦᠢᠳᠡᠨ ᠢ ᠬᠠᠶᠢᠬᠤᠷᠤᠯ ᠦᠭᠡᠢ ᠵᠡᠭᠡᠯᠢ ᠭᠤᠳᠤᠮᠵᠢ ᠪᠠᠷ ᠳᠤᠭᠤᠷᠢᠨ ᠶᠠᠪᠤᠵᠤ ᠵᠠᠮ ᠤᠨ ᠬᠠᠵᠠᠭᠤ ᠳᠤ ᠵᠤᠭᠰᠤᠨ ᠠᠵᠢᠯ ᠬᠦᠯᠢᠶᠡᠵᠦ ᠪᠠᠶᠢᠵᠠᠢ᠃ ᠤᠳᠤ ᠭᠡᠷ ᠲᠡᠭᠡᠨ ᠰᠠᠭᠤᠵᠤ ᠪᠠᠶᠢᠭᠠᠳ ᠭᠠᠷ ᠤᠳᠠᠰᠤᠨ ᠲᠡᠭᠡᠷ᠎ᠠ ᠠᠴᠠ ᠵᠠᠬᠢᠶᠠᠯᠠᠭ᠎ᠠ ᠶᠢᠨ ᠬᠠᠭᠤᠳᠠᠰᠦ ᠶᠢ ᠲᠤᠰᠪᠠᠯ ᠪᠤᠯᠴᠢᠬᠠᠨ᠎ᠠ᠂ ᠤᠷᠤᠯᠭ᠎ᠠ ᠴᠤ ᠲᠠᠬᠢᠨ ᠢᠶᠠᠷ ᠨᠡᠮᠡᠭᠳᠡᠯ᠎ᠡ︾ ᠭᠡᠵᠦ ᠭᠡᠷᠡᠯᠳᠦ ᠨᠢᠭᠤᠷ ᠲᠦᠬᠦᠷᠡᠩ ᠮᠦᠰᠢᠶᠡᠳᠦ ᠲᠠᠢ ᠬᠡᠯᠡᠨ᠎ᠠ᠃        ︽ᠮᠠᠨ ᠤ APP ᠨᠢ ᠦᠢᠯᠡᠴᠢᠯᠡᠭᠡᠨ ᠤ ᠪᠦᠷᠢᠨ ᠪᠦᠲᠦᠨ ᠪᠢᠲᠡᠭᠦᠦ ᠴᠠᠭᠠᠷᠢᠭ ᠢ ᠪᠤᠶ ᠪᠣᠯᠭᠠᠵᠠᠶ᠂ 1494 ᠨᠡᠷᠡᠰ ᠲᠠᠩᠰᠠᠯᠠᠯᠳᠠ ᠬᠢᠭᠰᠡᠨ ᠠᠵᠢᠯᠴᠢᠨ ᠪᠤᠯᠤᠨ 1.84 ᠲᠦᠮᠡᠨ ᠬᠡᠷᠡᠭᠯᠡᠭᠴᠢ ᠶᠢ ᠬᠥᠳᠡᠯᠦᠩᠭᠦᠶ ᠪᠠᠷ ᠵᠤᠬᠢᠴᠠᠭᠤᠯᠵᠦ᠂ ᠤᠶᠤᠨᠴᠢ ᠪᠠᠶᠢᠷᠢ ᠲᠤᠭᠳᠠᠭᠠᠯᠳᠠ ᠪᠠᠷ ᠵᠠᠬᠢᠶᠠᠯᠠᠭ᠎ᠠ ᠶᠢᠨ ᠬᠠᠭᠤᠳᠠᠰᠦ ᠶᠢ 1 ᠺᠢᠯᠣᠮᠧᠲᠷ ᠤᠨ ᠳᠣᠲᠣᠷᠠᠬᠢ ᠨᠥᠬᠦᠴᠡᠯ ᠳᠤ ᠨᠡᠶᠢᠴᠡᠬᠦ ᠬᠥᠳᠡᠯᠮᠦᠷᠢᠴᠢᠨ ᠳᠤ ᠬᠦᠷᠭᠡᠨ ᠦᠭᠬᠦᠨ᠎ᠡ︾ ᠭᠡᠵᠦ ᠰᠦᠯᠵᠢᠶᠡᠨ ᠲᠡᠭᠡᠷᠡᠬᠢ ︽ᠬᠢᠩᠭᠠᠨ ᠰᠤᠯᠠ ᠠᠵᠢᠯ︾ ᠤᠨ APP ᠢ ᠬᠠᠷᠢᠭᠤᠴᠠᠨ ᠡᠵᠡᠩᠨᠡᠵᠦ ᠪᠠᠶᠢᠭ᠎ᠠ ᠬᠢᠩᠭᠠᠨ ᠠᠶᠢᠮᠠᠭ ᠤᠨ ᠷᠤᠨ ᠭᠤᠸᠠᠨ ᠵᠢᠶᠠ ᠬᠦᠮᠦᠨ ᠤ ᠬᠦᠴᠦᠨ ᠤ ᠡᠬᠢ ᠪᠠᠶᠠᠯᠢᠭ ᠤᠨ ᠬᠢᠵᠠᠭᠠᠷᠳᠦ ᠺᠤᠮᠫᠠᠨᠢ ᠶᠢᠨ ᠶᠡᠷᠦᠩᠭᠡᠢ ᠲᠠᠭᠠᠭᠠᠮᠠᠯ ᠹᠧᠩ ᠷᠦᠢ ᠫᠧᠩ ᠲᠠᠨᠢᠯᠴᠠᠭᠤᠯᠤᠨ ᠬᠡᠯᠡᠨ᠎ᠡ᠃        ︽ᠥᠩᠭᠡᠷᠡᠭᠰᠡᠨ ᠳᠤ ᠬᠤᠪᠢ ᠵᠠᠶᠠᠭ᠎ᠠ ᠪᠠᠨ ᠲᠦᠰᠢᠭᠯᠡᠵᠦ ᠪᠠᠶᠢᠭᠰᠠᠨ ᠪᠣᠯ ᠣᠳᠣ ᠲᠤᠭ᠎ᠠ ᠪᠠᠷᠢᠮᠲᠠ ᠶᠢ ᠲᠦᠰᠢᠭᠯᠡᠵᠦ ᠪᠠᠶᠢᠨ᠎ᠠ᠂ ᠰᠤᠯᠠ ᠠᠵᠢᠯ ᠤᠨ ᠵᠠᠬ᠎ᠠ ᠲᠡᠯᠭᠡᠬᠦᠷ ᠤᠨ ᠭᠤᠤᠯᠯᠠᠬᠤ ᠲᠠᠪᠠᠭᠤᠯᠢᠭ ᠨᠢ ᠮᠡᠳᠡᠭᠡ ᠵᠠᠩᠬᠢ ᠶᠢᠨ ᠪᠠᠬᠢᠯᠡᠯᠳᠡ ᠶᠢ ᠡᠪᠳᠡᠵᠦ᠂ ᠤᠶᠤᠨᠯᠢᠭ ᠪᠤᠳᠤᠬᠤ ᠠᠷᠭ᠎ᠠ ᠪᠠᠷ ᠲᠠᠮᠵᠢᠭᠤᠯᠤᠨ᠂ ︿ᠠᠵᠢᠯ ᠤᠨ ᠪᠠᠶᠢᠷᠢ ᠬᠦᠮᠦᠨ ᠡᠷᠢᠬᠦ﹀ ᠶᠢ ᠪᠡᠶᠡᠯᠡᠬᠦᠯᠵᠡᠢ︾ ᠭᠡᠵᠦ ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠤᠯᠭᠤᠯᠳᠠ ᠶᠢᠨ ᠦᠢᠯᠡᠴᠢᠯᠡᠭᠡᠨ ᠤ ᠲᠦᠪ ᠤᠨ ᠨᠠᠮ ᠤᠨ ᠡᠬᠦᠷ ᠤᠨ ᠲᠡᠳ᠋ ᠱᠦᠵᠢ ᠪᠠᠢ ᠯᠢᠩ ᠫᠢᠩ ᠲᠠᠨᠢᠯᠴᠠᠭᠤᠯᠤᠨ ᠬᠡᠯᠡᠨ᠎ᠡ᠃        2024 ᠣᠨ ᠳᠤ᠂ ᠬᠢᠩᠭᠠᠨ ᠠᠶᠢᠮᠠᠭ ᠪᠥᠬᠦ ᠣᠷᠣᠨ ᠳᠤ ᠬᠠᠮᠤᠭ ᠤᠨ ᠲᠦᠷᠦᠭᠦᠨ ᠳᠤ ᠰᠤᠯᠠ ᠠᠵᠢᠯ ᠤᠨ ᠵᠠᠬ᠎ᠠ ᠳᠡᠯᠭᠡᠭᠦᠷ ᠢ ︽ᠮᠦᠩᠭᠡ ᠰᠤᠪᠠᠭ︾ ᠤᠨ APP ᠲᠤ ᠠᠮᠵᠢᠯᠲᠠᠲᠠᠶ ᠵᠠᠯᠭᠠᠨ ᠣᠷᠣᠭᠤᠯᠵᠤ᠂ ᠠᠶᠢᠮᠠᠭ ᠤᠨ ᠲᠠᠰ ᠤᠨ ᠰᠤᠯᠠ ᠠᠵᠢᠯ ᠤᠨ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠬᠤᠰᠢᠭᠤ ᠰᠢᠶᠠᠨ ᠤ ᠱᠠᠳᠤᠨ ᠤ ᠰᠤᠯᠠ ᠠᠵᠢᠯ ᠤᠨ ᠵᠠᠬ᠎ᠠ ᠲᠡᠯᠭᠡᠬᠦᠷ ᠢᠶᠠᠷ ᠦᠷᠭᠡᠳᠭᠡᠯ ᠪᠤᠯᠭᠠᠭᠰᠠᠨ᠂ ᠰᠢᠶᠠᠩ ᠪᠠᠯᠭᠠᠰᠤᠨ ᠤ ᠲᠡᠰ ᠤᠨ ᠰᠤᠯᠠ ᠠᠵᠢᠯ ᠤᠨ ᠦᠢᠯᠡᠴᠢᠯᠡᠭᠡ ᠪᠠᠷ ᠦᠷᠬᠦᠯᠵᠢᠯᠡᠯ ᠪᠤᠯᠭᠠᠭᠰᠠᠨ ︽1+6+N︾ ᠰᠤᠯᠠ ᠠᠵᠢᠯ ᠤᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠬᠤᠲᠠ ᠬᠥᠳᠡᠭᠡ ᠶᠢ ᠬᠠᠮᠤᠷᠤᠭᠰᠠᠨ ᠰᠤᠯᠠ ᠠᠵᠢᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ᠣᠯᠠᠨ ᠲᠦᠮᠡᠨ ᠤ ᠠᠵᠢᠯ ᠤᠯᠬᠤ ᠳᠤ ᠬᠦᠴᠢᠷᠲᠡᠶ᠂ ᠠᠵᠤ ᠠᠬᠤᠶᠢᠯᠠᠯ ᠤᠨ ᠠᠵᠢᠯᠴᠢᠨ ᠡᠯᠰᠡᠬᠦ ᠳᠤ ᠬᠦᠴᠢᠷᠲᠡᠶ ᠠᠰᠠᠭᠤᠳᠠᠯ ᠢ ᠰᠶᠢᠳᠪᠦᠷᠢᠯᠡᠪᠡ᠃        ︽ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠮᠡᠳᠡᠭᠡ ᠵᠠᠩᠭᠢ ᠶᠢ ᠤᠯᠵᠦ ᠦᠵᠡᠭᠰᠡᠨ ᠤ ᠲᠠᠷᠠᠭ᠎ᠠ ᠬᠤᠶᠠᠳᠤᠭᠠᠷ ᠡᠳᠦᠷ ᠲᠤᠨᠢ ᠨᠢᠭᠤᠷᠳᠠᠨ ᠰᠢᠯᠭᠠᠬᠤ ᠪᠠᠷ ᠤᠴᠢᠵᠠᠢ᠂ ᠴᠠᠯᠢᠩ ᠬᠦᠯᠦᠰᠦ ᠨᠢ ᠦᠩᠭᠡᠷᠡᠭᠰᠡᠨ ᠤ ᠬᠢ ᠠᠴᠠ 1000 ᠭᠠᠷᠤᠢ ᠳᠦᠭᠦᠷᠢᠭ ᠦᠨᠳᠦᠷ ᠪᠤᠯᠵᠠᠢ︾ ᠭᠡᠵᠦ ᠵᠠᠯᠠᠶᠢᠳ ᠬᠤᠰᠢᠭᠤᠨ ᠤ ᠮᠠᠯᠴᠢᠨ ᠪᠠᠭᠠᠳᠤᠷ ᠬᠡᠯᠡᠨ᠎ᠡ᠃ ᠲᠡᠷᠡ ᠤᠤᠯ ᠨᠢ ᠰᠤᠯᠠ ᠠᠵᠢᠯ ᠬᠢᠵᠦ ᠠᠮᠢᠳᠤᠷᠠᠯ ᠢᠶᠠᠨ ᠠᠷᠭᠠᠴᠠᠭᠠᠵᠦ ᠪᠠᠶᠢᠯ᠎ᠠ᠂ ᠤᠳᠤ ᠲᠡᠷᠡ ᠴᠤᠤᠷᠢᠶ᠎ᠠ ᠲᠠᠪᠴᠠᠩ ᠤᠨ ᠰᠢᠭᠤᠳ ᠨᠡᠪᠳᠡᠷᠡᠬᠦᠯᠭᠡ ᠪᠠᠷ ᠲᠠᠮᠵᠢᠨ ᠮᠠᠯᠵᠢᠯ ᠤᠨ ᠲᠠᠯᠠᠪᠠᠶ ᠶᠢᠨ ᠬᠠᠮᠢᠶᠠᠷᠤᠭᠴᠢ ᠶᠢᠨ ᠠᠵᠢᠯ ᠢ ᠬᠢᠭᠰᠡᠨ ᠪᠠᠶᠢᠨ᠎ᠠ᠃        ᠲᠦᠴᠢᠦᠸᠠᠨ ᠰᠢᠶᠠᠨ ᠤ ᠰᠤᠯᠠ ᠠᠵᠢᠯ ᠤᠨ ᠵᠠᠬ᠎ᠠ ᠳᠡᠯᠭᠡᠭᠦᠷ ᠲᠤ ᠬᠦᠷᠬᠦ ᠳᠤ᠂ ᠭᠠᠷ ᠨᠡᠬᠡᠮᠡᠯ ᠤᠨ ᠪᠠᠭᠰᠢ ᠠᠴᠠ ᠭᠤᠤᠯᠳᠠᠯᠭ᠎ᠠ ᠲᠠᠢ ᠠᠭᠤᠯᠭ᠎ᠠ ᠶᠢ ᠨᠢᠭᠳᠠ ᠲᠠᠶᠢᠯᠪᠤᠷᠢᠯᠠᠵᠦ ᠪᠠᠶᠢᠯ᠎ᠠ᠃ ︽ᠪᠢ ᠨᠤᠤᠰᠦ ᠨᠤᠤᠯᠤᠭᠤᠷ ᠤᠨ ᠨᠡᠭᠡᠮᠡᠯ ᠤᠨ ᠠᠵᠢᠯ ᠢ ᠬᠢᠭᠡᠳ 3 ᠰᠠᠷ᠎ᠠ ᠢᠯᠡᠬᠦᠦ ᠪᠤᠯᠵᠤ ᠪᠤᠢ᠂ ᠵᠠᠪ ᠴᠢᠯᠤᠭᠡ ᠪᠠᠷ ᠢᠶᠠᠨ ᠡᠳᠦᠷ ᠲᠤ 7 ᠪᠦᠳᠦᠭᠡᠭᠳᠡᠬᠦᠨ ᠬᠢᠵᠦ᠂ ᠰᠠᠷ᠎ᠠ ᠪᠦᠷᠢ 1000 ᠭᠠᠷᠤᠢ ᠲᠦᠭᠦᠷᠢᠭ ᠤᠯᠵᠤ ᠪᠠᠶᠢᠨ᠎ᠠ︾ ᠭᠡᠵᠦ ᠰᠠᠭᠤᠭᠠᠯᠢ ᠠᠷᠠᠳ ᠭᠤᠤ ᠶᠦᠨ ᠰᠢᠤᠸᠠᠢ ᠬᠡᠯᠡᠨ᠎ᠡ᠃        ᠡᠮᠡᠭᠲᠡᠶᠢᠴᠦᠳ ᠲᠤ ᠠᠵᠢᠯ ᠤᠯᠭᠤᠬᠤ ᠠᠷᠭ᠎ᠠ ᠵᠠᠮ ᠢ ᠥᠷᠭᠡᠳᠭᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠤᠯᠠ ᠠᠵᠢᠯ ᠤᠨ ᠵᠠᠬ᠎ᠠ ᠳᠡᠯᠭᠡᠭᠦᠷ ᠠᠴᠠ ᠭᠡᠷ ᠤᠨ ᠶᠠᠪᠤᠳᠠᠯ ᠤᠨ ᠦᠢᠯᠡᠴᠢᠯᠡᠭᠡᠨ ᠤ ᠺᠣᠮᠫᠠᠨᠢ ᠪᠠᠷ ᠳᠠᠮᠵᠢᠭᠤᠯᠤᠨ ᠠᠵᠦ ᠠᠬᠤᠶᠢᠯᠠᠯ ᠲᠠᠢ ᠢᠳᠡᠪᠬᠢᠳᠡᠢ ᠵᠤᠯᠭᠠᠯᠴᠠᠭᠤᠯᠤᠨ ᠭᠠᠷ ᠨᠡᠭᠡᠮᠡᠯ ᠤᠨ ᠵᠠᠬᠢᠶᠠᠯᠠᠭ᠎ᠠ ᠶᠢᠨ ᠭᠡᠷ᠎ᠡ ᠲᠤᠭᠳᠠᠵᠦ᠂ ᠪᠤᠳᠠᠳᠤ ᠴᠤᠭᠴᠠ ᠶᠢᠨ ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠶᠢ ᠠᠪᠴᠦ᠂ ᠤᠯᠠᠨ ᠲᠦᠮᠡᠨ ᠳᠤ ᠨᠢᠭᠡ ᠵᠦᠢᠯ ᠤᠨ ᠮᠡᠷᠭᠡᠵᠢᠯ ᠡᠵᠡᠮᠰᠢᠭᠦᠯᠵᠦ᠂ ᠤᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠪᠡ᠃        ᠰᠤᠯᠠ ᠠᠵᠢᠯ ᠤᠨ ᠵᠠᠬ᠎ᠠ ᠳᠡᠯᠭᠡᠭᠦᠷ ᠤᠨ ᠬᠤᠪᠢᠷᠠᠯᠲᠠ ᠨᠢ ᠬᠢᠩᠭᠠᠨ ᠠᠶᠢᠮᠠᠭ ᠤᠨ ᠠᠵᠢᠯ ᠣᠯᠭᠤᠯᠲᠠ ᠶᠢᠨ ᠦᠢᠯᠡᠴᠢᠯᠡᠭᠡ ᠶᠢᠨ ᠬᠤᠪᠢᠰᠤᠯᠳᠠ ᠶᠢ ᠬᠦᠢᠴᠡᠳ ᠬᠠᠷᠠᠭᠤᠯᠪᠠ᠃ 2024 ᠤᠨ ᠳᠤ᠂ ᠬᠢᠩᠭᠠᠨ ᠠᠶᠢᠮᠠᠭ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠠᠵᠢᠯ ᠤᠯᠭᠤᠯᠳᠠ ᠶᠢᠨ ᠤᠷᠤᠯᠭ᠎ᠠ ᠶᠢ ᠨᠡᠮᠡᠭᠳᠡᠬᠦᠯᠬᠦ ︽ᠲᠦᠷᠪᠡᠡ ᠲᠤᠰᠬᠠᠢ ᠠᠵᠢᠯᠯᠠᠭ᠎ᠠ︾ ᠶᠢ ᠶᠠᠪᠤᠭᠳᠠᠭᠤᠯᠪᠠ᠃ ᠪᠥᠬᠦ ᠵᠢᠯ ᠳᠤ ᠬᠤᠲᠠ ᠪᠠᠯᠭᠠᠰᠤᠨ ᠤ 5403 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 5475 ᠬᠥᠮᠦᠨ ᠳᠤ ᠠᠵᠢᠯ ᠣᠯᠭᠤᠵᠤ᠂ 95929 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ 13823 ᠬᠥᠮᠦᠨ ᠳᠤ ᠮᠡᠷᠭᠡᠵᠢᠯ ᠤᠨ ᠪᠤᠯᠪᠠᠰᠤᠷᠠᠯ ᠬᠦᠷᠳᠡᠭᠡᠪᠡ᠃        2025 ᠣᠨ ᠳᠤ᠂ ᠬᠢᠩᠭᠠᠨ ᠠᠶᠢᠮᠠᠭ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠪᠥᠬᠦ ᠲᠠᠯ᠎ᠠ ᠪᠠᠷ ᠥᠷᠨᠢᠭᠦᠯᠵᠦ᠂ ᠭᠤᠤᠯᠳᠠᠯᠭ᠎ᠠ ᠲᠠᠢ ᠬᠦᠮᠦᠰ ᠲᠤ ᠪᠠᠳᠤᠯᠠᠭ᠎ᠠ ᠬᠠᠩᠭᠠᠬᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠤᠷ᠎ᠠ ᠴᠢᠳᠠᠪᠤᠷᠢ ᠶᠢᠨ ᠪᠤᠯᠪᠠᠰᠤᠷᠠᠯ ᠬᠦᠷᠳᠡᠭᠡᠬᠦ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠪᠠᠨ ᠲᠥᠪᠯᠡᠷᠡᠭᠦᠯᠦᠨ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠭᠡᠬᠦ᠂ ᠬᠤᠷᠢᠭ᠎ᠠ ᠱᠤᠭᠤᠮ ᠢ ᠪᠠᠲᠤᠯᠠᠬᠤ᠂ ᠨᠠᠩ ᠴᠢᠨᠠᠷ ᠰᠠᠶᠢᠲᠠᠶ ᠨᠠᠩ ᠭᠦᠢᠴᠡᠳ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠥᠭᠵᠢᠯᠲᠡ ᠶᠢ ᠠᠬᠢᠭᠤᠯᠤᠨ᠎ᠠ᠃        ︽ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠰᠤᠯᠠ ᠠᠵᠢᠯ ᠤᠨ ᠵᠠᠬ᠎ᠠ ᠲᠡᠯᠭᠡᠬᠦᠷ ᠪᠤᠯ ᠠᠷᠠᠳ ᠤᠨ ᠠᠮᠢᠳᠤᠷᠠᠯ ᠤᠨ ︿ᠬᠢᠯᠭᠠᠰᠤᠨ ᠰᠤᠳᠠᠯ﹀ ᠭᠡᠵᠦ ᠬᠡᠯᠡᠵᠦ ᠪᠤᠯᠤᠨ᠎ᠠ᠂ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠢᠯ ᠡᠷᠢᠭᠰᠡᠳ ᠲᠤ ᠠᠵᠢᠯ ᠣᠯᠭᠤᠯᠲᠠ ᠶᠢᠨ ᠬᠠᠯᠠᠭᠤᠨ ᠳᠤᠯᠠᠭᠠᠨ ᠦᠢᠯᠡᠴᠢᠯᠡᠭᠡ ᠶᠢ ᠡᠳ᠋ᠯᠡᠭᠦᠯᠦᠨ᠎ᠡ︾ ᠭᠡᠵᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠦᠪ ᠤᠨ ᠡᠷᠬᠢᠯᠡᠭᠴᠢ ᠮᠠ ᠶᠤᠸᠠᠨ ᠶᠤᠸᠠᠨ ᠬᠡᠯᠡᠨ᠎ᠡ᠃ · ᠲᠤᠯᠭᠠᠭᠤᠷᠢ ᠡᠤ ᠭᠧᠨ ᠰᠢᠶᠦ᠋ᠩ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号