ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠰᠢᠨ᠎ᠡ ᠮᠡᠷᠭᠡᠵᠢᠯ ᠢ ᠳᠡᠯᠭᠡᠷᠡᠭᠦᠯᠦᠨ ᠠᠷᠠᠳ ᠤᠨ ᠤᠷᠤᠯᠭ᠎ᠠ ᠶᠢ ᠨᠡᠮᠡᠭᠳᠡᠬᠦᠯᠪᠡ
ᠨᠡᠶᠢᠲᠡᠯᠡᠭᠰᠡᠨ ᠴᠠᠭ᠄
2025/5/20
        ᠤᠶᠢᠷ᠎ᠠ ᠶᠢᠨ ᠬᠡᠳᠤᠨ ᠡᠳᠤᠷ᠂ ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠳᠤᠭᠤᠷᠢᠭ ᠤᠨ 1 ᠲᠦᠮᠡᠨ ᠮᠤ᠋ ᠲᠠᠷᠢᠶᠠᠨ ᠭᠠᠵᠠᠷ ᠲᠤ᠂ ᠲᠠᠷᠢᠶᠠᠯᠠᠩ ᠤᠨ ᠮᠠᠰᠢᠨ ᠬᠦᠷᠴᠢᠬᠢᠨᠠᠨ᠂ ᠲᠠᠷᠢᠶᠠᠴᠢᠳ ᠶᠠᠭᠠᠷᠠᠯᠳᠠᠢ ᠠᠵᠢᠯᠯᠠᠵᠠᠭᠠᠨ᠎ᠠ᠃ ᠰᠦᠯᠢᠶᠤᠤ ᠪᠦᠷᠬᠦᠬᠦᠯ ᠤᠨ ᠲᠤᠤᠷ᠎ᠠ ᠲᠤᠰᠤᠯᠭᠠᠨ ᠤᠰᠤᠯᠠᠬᠤ ᠲᠦᠬᠦᠭᠡᠷᠤᠮᠵᠢ ᠶᠢ ᠠᠴᠢᠭᠰᠠᠨ ᠮᠠᠰᠢᠨ ᠲᠠᠷᠢᠶᠠᠨ ᠭᠠᠵᠠᠷ ᠲᠤ ᠰᠦᠯᠵᠢᠯᠳᠤᠵᠤ᠂ ᠤᠳᠤ ᠦᠶ᠎ᠠ ᠶᠢᠨ ᠲᠠᠷᠢᠶᠠᠯᠠᠩ ᠤᠨ ︽ᠤᠰᠤ ᠠᠷᠪᠢᠯᠠᠨ ᠤᠨᠠᠯᠳᠠ ᠶᠢ ᠨᠡᠮᠡᠭᠳᠡᠬᠦᠯᠬᠦ︾ ᠪᠠ ︽ᠠᠮᠢ ᠠᠬᠤᠢ ᠶᠢᠨ ᠬᠠᠮᠠᠭᠠᠯᠠᠯᠳᠠ︾ ᠶᠢᠨ ᠬᠤᠤᠰ ᠢᠯᠠᠯᠳᠠ ᠶᠢ ᠪᠡᠶᠡᠯᠡᠬᠦᠯᠤᠨ᠎ᠠ᠃        ︽ᠲᠤᠰ ᠲᠠᠷᠢᠶᠠᠨ ᠭᠠᠵᠠᠷ ᠤᠤᠯ ᠳᠠᠭᠠᠨ ᠬᠠᠶᠢᠷ ᠴᠢᠯᠠᠭᠤᠨ ᠭᠠᠵᠠᠷ ᠪᠠᠶᠢᠵᠤ᠂ ᠡᠷᠳᠡᠨᠢ ᠰᠢᠰᠢ ᠶᠢᠨ ᠤᠨᠠᠯᠳᠠ ᠨᠡᠶᠢᠳᠠᠮ ᠳᠡᠭᠡᠨ ᠮᠤ᠋ ᠪᠦᠷᠢ 1000 ᠵᠢᠩ ᠳᠤ ᠬᠦᠷᠴᠤ᠂ ᠡ᠊ᠨᠠ ᠵᠢᠯ ᠰᠦᠯᠢᠶᠤᠤ ᠪᠦᠷᠬᠦᠬᠦᠯ ᠤᠨ ᠲᠤᠤᠷ᠎ᠠ ᠲᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠭᠰᠡᠨ ᠠᠴᠠ ᠮᠤ᠋ ᠨᠢᠭᠡᠴᠢ ᠶᠢᠨ ᠤᠨᠠᠯᠳᠠ ᠨᠢ 2000 ᠵᠢᠩ ᠳᠤ ᠬᠦᠷᠴᠤ ᠲᠡᠶᠢᠯᠤᠨ᠎ᠠ︾ ᠭᠡᠵᠤ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠴᠤᠤ ᠶᠠᠩ ᠲᠤᠰᠬᠤᠨ ᠤ ᠨᠠᠮ ᠤᠨ ᠡᠬᠦᠷ ᠤᠨ ᠱᠦᠵᠢ ᠬᠠᠨ ᠶᠦᠩ ᠭᠠᠩ ᠲᠠᠨᠢᠯᠴᠠᠭᠤᠯᠤᠨ᠎ᠠ᠃ ᠡ᠊ᠨᠠ ᠵᠢᠯ ᠲᠡᠷᠠ ᠰᠦᠯᠢᠶᠤᠤ ᠪᠦᠷᠬᠦᠭᠦᠯ ᠤᠨ ᠲᠤᠤᠷ᠎ᠠ ᠲᠤᠰᠤᠯᠭᠠᠨ ᠤᠰᠤᠯᠠᠵᠤ ᠲᠠᠷᠢᠵᠤ ᠤᠷᠭᠤᠭᠤᠯᠬᠤ ᠶᠢ ᠨᠢᠭᠡ ᠴᠤᠭᠴᠠᠵᠢᠭᠤᠯᠤᠭᠰᠠᠨ ᠮᠠᠰᠢᠨ ᠢ ᠬᠤᠳᠠᠯᠳᠤᠨ ᠠᠪᠴᠤ᠂ ︽ᠰᠦᠯᠢᠶᠥᠥ ᠪᠦᠷᠬᠦᠬᠦ + ᠲᠤᠰᠤᠯᠭᠠᠨ ᠤᠰᠤᠯᠠᠬᠤ + ᠨᠠᠷᠢᠯᠢᠭ ᠲᠠᠷᠢᠬᠤ︾ ᠪᠠᠷ ᠲᠠᠮᠵᠢᠨ ᠡᠪᠡᠰᠤᠨ ᠤ ᠤᠷᠭᠤᠯᠳᠠ ᠶᠢ ᠰᠠᠭᠠᠳᠠᠭᠤᠯᠬᠤ᠂ ᠤᠰᠤ ᠪᠤᠷᠳᠤᠭᠤᠷ ᠤᠨ ᠬᠡᠷᠡᠭᠯᠡᠯᠳᠠ ᠶᠢᠨ ᠬᠡᠮᠵᠢᠶ᠎ᠠ ᠶᠢ ᠤᠨᠤᠴᠠᠳᠠᠢ ᠡᠵᠡᠮᠳᠡᠬᠦ ᠶᠢᠨ ᠬᠠᠮᠳᠤ ᠤᠨᠤᠴᠠᠳᠠᠢ ᠪᠠᠷ ᠲᠠᠷᠢᠵᠤ ᠤᠷᠭᠤᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠳᠠ ᠶᠢᠨ ᠦᠷ᠎ᠠ ᠠᠰᠢᠭ ᠪᠠ ᠲᠠᠷᠢᠮᠠᠯ ᠤᠨ ᠤᠨᠠᠯᠳᠠ ᠶᠢ ᠮᠡᠳᠡᠭᠳᠡᠮ᠎ᠠ ᠲᠡᠭᠡᠭᠰᠢᠯᠡᠬᠦᠯᠥᠭᠰᠡᠨ ᠪᠠᠶᠢᠨ᠎ᠠ᠃        ᠤᠳᠤ ᠦᠶ᠎ᠠ ᠶᠢᠨ ᠲᠠᠷᠢᠶᠠᠯᠠᠩ ᠤᠨ ᠮᠡᠷᠭᠡᠵᠢᠯ ᠤᠨ ᠲᠡᠯᠭᠡᠷᠡᠬᠦᠯᠤᠯᠳᠠ ᠶᠢ ᠲᠠᠭᠠᠯᠳᠤᠨ᠂ ᠡᠨᠠ ᠵᠢᠯ ᠰᠡᠷᠭᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠡᠷᠳᠡᠨᠢ ᠰᠢᠰᠢ ᠶᠢ ᠰᠦᠯᠢᠶᠤᠤ ᠪᠦᠷᠬᠦᠬᠦᠯ ᠶᠢᠨ ᠲᠤᠤᠷ᠎ᠠ ᠲᠡᠷᠢᠵᠤ ᠤᠷᠭᠤᠭᠤᠯᠬᠤ ᠮᠡᠷᠭᠡᠵᠢᠯ ᠤᠨ ᠬᠡᠷᠡᠭᠯᠡᠯᠳᠠ ᠶᠢᠨ ᠲᠠᠯᠠᠪᠠᠢ 1 ᠲᠦᠮᠡᠨ ᠮᠤ᠋ ᠶᠢ ᠲᠠᠪᠠᠵᠤ᠂ ᠡᠷᠳᠡᠨᠢ ᠰᠢᠰᠢ ᠶᠢᠨ ᠮᠤ᠋ ᠨᠢᠭᠡᠴᠢ ᠶᠢᠨ ᠤᠨᠠᠯᠳᠠ ᠶᠢ ᠲᠡᠭᠡᠭᠰᠢᠯᠡᠬᠦᠯᠬᠦ᠂ ᠦᠨᠳᠤᠷ ᠦᠷ᠎ᠠ ᠠᠰᠢᠭᠳᠠᠢ ᠪᠠᠷ ᠲᠠᠷᠢᠶᠠᠯᠠᠩ ᠤᠨ ᠤᠰᠤ ᠶᠢ ᠠᠷᠪᠢᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠭᠤᠤᠯᠳᠠᠯᠭ᠎ᠠ ᠲᠠᠢ ᠠᠷᠭ᠎ᠠ ᠠᠪᠴᠠᠯ ᠪᠤᠯᠤᠭᠰᠠᠨ ᠪᠠᠶᠢᠨ᠎ᠠ᠃ ︽ᠪᠢᠳᠠ ᠮᠡᠷᠭᠡᠵᠢᠯ ᠢ ᠲᠦᠭᠡᠮᠡᠯᠵᠢᠬᠦᠯᠬᠦ ᠲᠤᠮᠳᠠ ᠭᠠᠵᠠᠷ ᠲᠡᠭᠡᠷᠡᠬᠢ ᠰᠦᠯᠢᠶᠤᠤ ᠪᠦᠷᠬᠦᠬᠦᠯ ᠢ ᠠᠮᠢᠳᠤ ᠪᠤᠳᠠᠰ ᠢᠶᠠᠷ ᠵᠠᠳᠠᠷᠠᠭᠤᠯᠵᠤ᠂ ᠤᠯᠠᠮᠵᠢᠯᠠᠯᠳᠤ ᠪᠦᠷᠬᠦᠬᠦᠯ ᠤᠨ ᠪᠤᠬᠢᠷᠳᠤᠯ ᠤᠨ ᠠᠰᠠᠭᠤᠳᠠᠯ ᠢ ᠰᠶᠢᠳᠪᠤᠷᠢᠯᠡᠭᠰᠡᠨ ᠤ ᠬᠠᠮᠳᠤ ᠭᠠᠵᠠᠷ ᠰᠢᠷᠤᠢ ᠶᠢᠨ ᠠᠮᠢ ᠠᠬᠤᠢ ᠶᠢᠨ ᠦᠷ᠎ᠠ ᠠᠰᠢᠭ ᠢ ᠲᠡᠭᠡᠭᠰᠢᠯᠡᠬᠦᠯᠵᠤ ᠴᠢᠳᠠᠵᠠᠢ︾ ᠭᠡᠵᠤ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠰᠤᠷᠠᠭ ᠵᠠᠩᠬᠢ ᠮᠡᠷᠭᠡᠵᠢᠯ ᠤᠨ ᠲᠡᠯᠭᠡᠷᠡᠬᠦᠯᠤᠯᠳᠠ ᠶᠢᠨ ᠲᠦᠪ ᠤᠨ ᠡᠷᠬᠢᠯᠡᠭᠴᠢ ᠵᠦ ᠶᠢᠨ ᠯᠢ ᠶᠠᠷᠢᠨ᠎ᠠ᠃        ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠨᠢ ᠤᠶᠤᠨᠴᠢ ᠲᠠᠷᠢᠶᠠᠯᠠᠩ ᠤᠨ ᠮᠠᠰᠢᠨ᠂ ᠤᠰᠤ ᠠᠷᠪᠢᠯᠠᠬᠤ ᠵᠡᠷᠭᠡ ᠰᠢᠨ᠎ᠠ ᠮᠡᠷᠭᠡᠵᠢᠯ ᠢ ᠬᠦᠴᠤᠯᠡᠨ ᠠᠬᠢᠭᠤᠯᠵᠤ᠂ ᠲᠠᠷᠢᠶᠠᠯᠠᠩ ᠦᠢᠯᠡᠳᠪᠤᠷᠢᠯᠡᠯ ᠤᠨ ᠨᠠᠷᠢᠯᠢᠭᠵᠢᠯᠳᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤ ᠪᠤᠳᠠᠭᠠᠨ ᠤ ᠠᠮᠤᠷ ᠲᠦᠪᠰᠢᠨ ᠪᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠰᠠᠭᠤᠷᠢ ᠶᠢ ᠪᠠᠳᠤᠳᠬᠠᠨ᠎ᠠ᠃ ︵ᠴᠠᠶᠢᠯᠭᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号