| ᠤᠷᠴᠢᠮ ᠤᠨ ᠬᠡᠳᠤᠨ ᠡᠳᠤᠷ᠂ ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠵᠡᠬᠦᠨ ᠪᠤᠳᠠᠷᠭᠠᠨ | ᠭᠠᠴᠠᠭ᠎ᠠ ᠶᠢᠨ ᠲᠠᠷᠢᠶᠠᠨ ᠭᠠᠵᠠᠷ ᠲᠤ ᠲᠠᠷᠢᠶᠠᠴᠢᠳ ᠤᠨ ᠶᠠᠭᠠᠷᠠᠯᠳᠠᠢ ᠪᠠᠶᠢᠳᠠᠯ ᠢᠯᠡᠷᠡᠨ᠂ ᠡᠯ᠎ᠠ ᠲᠦᠷᠤᠯ ᠤᠨ | ᠲᠠᠷᠢᠶᠠᠯᠠᠩ ᠤᠨ ᠮᠠᠰᠢᠨ ᠡᠮᠬᠢ ᠴᠡᠭᠴᠡ ᠲᠠᠢ ᠠᠵᠢᠯᠯᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠬᠦᠷ | ᠬᠦᠭᠵᠢᠶᠠᠨᠳᠠᠢ ᠶᠠᠪᠤᠭᠳᠠᠵᠤ ᠪᠠᠶᠢᠨ᠎ᠠ᠃ | ᠵᠡᠬᠦᠨ ᠪᠤᠳᠠᠷᠭᠠᠨ ᠭᠠᠴᠠᠭᠠᠨ ᠤ ᠠᠷᠠᠳ ᠶᠠᠩ ᠪᠤᠥ ᠵᠢᠶᠦ᠋ᠨ ᠴᠠᠭ ᠢ ᠠᠮᠵᠢᠨ ᠲᠠᠷᠢᠶᠠᠯᠠᠩ ᠤᠨ | ᠮᠠᠰᠢᠨ ᠢᠶᠠᠨ ᠵᠢᠯᠤᠭᠤᠳᠤᠨ ᠲᠠᠷᠢᠶ᠎ᠠ ᠪᠠᠨ ᠳᠠᠷᠢᠨ᠎ᠠ᠃ ︽ᠪᠢᠳᠡ 150 ᠭᠠᠷᠤᠢ ᠮᠤ᠋ ᠭᠠᠵᠠᠷ ᠢᠶᠠᠨ ᠬᠤᠷᠰᠢᠶᠠᠨ ᠳᠤ | ᠨᠠᠶᠢᠳᠠᠨ ᠬᠠᠮᠢᠶᠠᠷᠤᠭᠤᠯᠵᠤ᠂ ᠪᠢ ᠬᠤᠷᠰᠢᠶᠠᠨ ᠤ ᠲᠠᠷᠢᠶᠠᠯᠠᠩ ᠤᠨ ᠮᠠᠰᠢᠨ ᠢ ᠵᠢᠯᠤᠭᠤᠳᠤᠨ᠂ ᠡᠳᠤᠷ ᠲᠤ 400 | ᠭᠠᠷᠤᠢ ᠲᠦᠬᠦᠷᠢᠭ ᠤᠨ ᠬᠦᠯᠦᠰᠦ ᠮᠦᠩᠭᠦ ᠤᠯᠵᠤ᠂ ᠭᠡᠷ ᠤᠨ ᠢᠶᠠᠨ ᠵᠠᠷᠤᠳᠠᠯ ᠳᠤ ᠳᠤᠰᠠᠯᠠᠮᠵᠢ ᠪᠤᠯᠵᠤ ᠪᠤᠢ︾ ᠭᠡᠵᠤ | ᠶᠠᠩ ᠪᠤᠥ ᠵᠢᠶᠥ᠋ᠨ ᠶᠠᠷᠢᠨ᠎ᠠ᠃ | ᠶᠠᠩ ᠪᠤᠥ ᠵᠢᠶᠦ᠋ᠨ ᠤ ᠬᠡᠯᠡᠵᠤ ᠪᠠᠶᠢᠭ᠎ᠠ ᠬᠤᠷᠰᠢᠶ᠎ᠠ ᠪᠤᠯ ᠢᠯᠠᠯᠳᠠ ᠪᠠᠯᠭᠠᠰᠤᠨ ᠤ ᠵᠡᠬᠦᠨ ᠪᠤᠳᠠᠷᠭᠠᠨ | ᠭᠠᠴᠠᠭᠠᠨ ᠤ ᠬᠤᠪᠢ ᠤᠷᠤᠭᠤᠯᠤᠭᠰᠠᠨ ᠠᠵᠤ ᠠᠬᠤᠢ ᠶᠢᠨ ᠬᠤᠷᠰᠢᠶ᠎ᠠ ᠪᠤᠯᠤᠨ᠎ᠠ᠃ ᠬᠠᠪᠤᠷ ᠤᠨ ᠲᠠᠷᠢᠶᠠᠯᠠᠩ | ᠦᠢᠯᠡᠳᠪᠤᠷᠢᠯᠡᠯ ᠤᠨ ᠲᠤᠮᠳᠠ᠂ ᠲᠤᠰ ᠬᠤᠷᠰᠢᠶ᠎ᠠ ᠲᠡᠷᠢᠬᠦᠨ ᠤ ᠲᠠᠷᠢᠵᠤ ᠤᠷᠭᠤᠭᠤᠯᠬᠤ᠂ ᠪᠤᠷᠳᠤᠭᠤᠷ ᠤᠷᠤᠭᠤᠯᠬᠤ | ᠮᠠᠰᠢᠨ ᠢ ᠬᠡᠷᠡᠭᠯᠡᠵᠤ᠂ ᠡᠳᠤᠷ ᠲᠤ 160 ᠮᠤ᠋ ᠠᠴᠠ ᠲᠡᠭᠡᠭᠰᠢᠬᠢ ᠲᠠᠷᠢᠶᠠᠨ ᠭᠠᠵᠠᠷ ᠲᠤ ᠠᠵᠢᠯᠯᠠᠨ᠂ ᠦᠷ᠎ᠠ | ᠠᠰᠢᠭ ᠨᠢ ᠤᠤᠯ ᠤᠨ ᠬᠢ ᠠᠴᠠ 30% ᠠᠴᠠ ᠲᠡᠭᠡᠭᠰᠢ ᠨᠡᠮᠡᠭᠳᠡᠯ᠎ᠠ᠃ | ︽ᠪᠢᠳᠠ ᠬᠤᠪᠢ ᠤᠷᠤᠭᠤᠯᠤᠨ ᠠᠰᠢᠭ ᠬᠤᠪᠢᠶᠠᠷᠢᠯᠠᠬᠤ ᠪᠠ ᠤᠷᠤᠯᠠᠨ ᠲᠠᠷᠢᠵᠤ ᠤᠷᠭᠤᠭᠤᠯᠬᠤ ᠬᠤᠶᠠᠷ | ᠬᠡᠯᠪᠡᠷᠢ ᠪᠠᠷ ᠲᠠᠮᠵᠢᠨ ᠲᠠᠷᠢᠶᠠᠴᠢᠨ ᠡᠷᠤᠬᠡ ᠶᠢᠨ ᠲᠠᠷᠢᠶᠠᠯᠠᠭ᠎ᠠ ᠦᠢᠯᠡᠳᠪᠤᠷᠢᠯᠡᠯ ᠳᠤ ᠲᠦᠬᠦᠮ ᠦᠵᠡᠬᠦᠯᠵᠤ᠂ | ᠲᠠᠷᠢᠶᠠᠯᠠᠩ ᠤᠨ ᠦᠷ᠎ᠠ ᠠᠰᠢᠭ ᠢ ᠶᠡᠭᠡ ᠪᠠᠷ ᠲᠡᠭᠡᠭᠰᠢᠯᠡᠬᠦᠯᠥᠭᠰᠡᠨ ᠪᠠᠶᠢᠨ᠎ᠠ᠃ ᠡ᠊ᠨᠠ ᠵᠢᠯ ᠪᠠᠷᠤᠭ ᠭᠠᠴᠠᠭ᠎ᠠ | ᠲᠤᠰᠬᠤᠨ ᠤ ᠨᠡᠶᠢᠳᠠ ᠶᠢᠨ ᠠᠵᠤ ᠠᠬᠤᠢ ᠶᠢᠨ ᠤᠷᠤᠯᠭ᠎ᠠ ᠶᠢ 20 ᠲᠦᠮᠡᠨ ᠲᠦᠬᠦᠷᠢᠭ ᠨᠡᠮᠡᠭᠳᠡᠬᠦᠯᠬᠦ ᠪᠤᠯᠤᠨ᠎ᠠ︾ | ᠭᠡᠵᠤ ᠢᠯᠡᠯᠳᠠ ᠪᠠᠯᠭᠠᠰᠤᠨ ᠤ ᠵᠡᠬᠦᠨ ᠪᠤᠳᠠᠷᠭᠠᠨ ᠭᠠᠴᠠᠭᠠᠨ ᠤ ᠨᠠᠮ ᠤᠨ ᠡᠬᠦᠷ ᠤᠨ ᠱᠦᠵᠢ᠂ ᠲᠤᠰᠬᠤᠨ ᠤ | ᠠᠷᠠᠳ ᠤᠨ ᠵᠦᠪᠯᠡᠯ ᠤᠨ ᠡᠷᠬᠢᠯᠡᠭᠴᠢ ᠵᠸᠥ ᠵᠢᠶᠦ᠋ᠨ ᠷᠦ᠋ ᠲᠠᠨᠢᠯᠴᠠᠭᠤᠯᠤᠨ᠎ᠠ᠃ | ᠤᠶᠢᠷ᠎ᠠ ᠶᠢᠨ ᠵᠢᠯ ᠠᠴᠠ ᠨᠠᠭᠠᠰᠢ᠂ ᠢᠯᠠᠯᠳᠠ ᠪᠠᠯᠭᠠᠰᠤᠨ ᠤ ᠵᠡᠬᠦᠨ ᠪᠤᠳᠠᠷᠭᠠᠨ ᠭᠠᠴᠠᠭ᠎ᠠ ᠨᠠᠮ ᠤᠨ | ᠪᠠᠶᠢᠭᠤᠯᠤᠯᠳᠠ ᠪᠠᠷ ᠲᠠᠶᠢᠴᠢᠯᠠᠨ ᠲᠠᠭᠠᠭᠤᠯᠵᠤ ᠡᠬᠦᠳᠤᠨ ᠪᠠᠶᠢᠭᠤᠯᠤᠭᠰᠠᠨ ︽ᠲᠠᠷᠢᠶᠠᠯᠠᠩ ᠤᠨ ᠬᠤᠯᠪᠤᠭᠠᠳᠤ | ᠴᠤᠭᠴᠠ + ᠬᠤᠷᠰᠢᠶ᠎ᠠ︾ ᠪᠠᠷ ᠲᠤᠰᠬᠤᠨ ᠤ ᠲᠠᠷᠢᠶᠠᠨ ᠭᠠᠵᠠᠷ ᠤᠨ ᠡᠬᠢ ᠪᠠᠶᠠᠯᠢᠭ ᠢ ᠨᠡᠶᠢᠳᠭᠡᠨ᠂ | ᠬᠡᠪᠴᠢᠶᠡᠵᠢᠭᠰᠡᠨ ᠦᠷ᠎ᠠ ᠠᠰᠢᠭ ᠬᠤᠯᠪᠤᠭᠠᠯᠠᠭᠰᠠᠨ ᠲᠤᠭᠳᠠᠴᠠ ᠶᠢ ᠪᠠᠶᠢᠭᠤᠯᠵᠤ᠂ ᠲᠦᠪᠯᠡᠷᠡᠭᠰᠡᠨ ᠲᠠᠷᠢᠶᠠᠨ ᠭᠠᠵᠠᠷ | ᠪᠠ ᠲᠠᠷᠠᠬᠠᠢ ᠪᠤᠳᠠᠷᠬᠠᠢ ᠲᠠᠷᠢᠶᠠᠨ ᠭᠠᠵᠠᠷ ᠢ ᠨᠢᠭᠡᠳᠤᠯᠳᠠᠢ ᠲᠦᠯᠤᠪᠯᠡᠨ᠂ ᠲᠠᠷᠢᠶᠠᠯᠠᠩ ᠦᠢᠯᠡᠳᠪᠤᠷᠢᠯᠡᠯ ᠤᠨ | ᠪᠠᠷᠢᠮᠵᠢᠶ᠎ᠠ᠂ ᠡᠷᠴᠢᠮᠵᠢᠭᠰᠡᠨ ᠬᠦᠭᠵᠢᠯᠳᠠ ᠶᠢ ᠠᠬᠢᠭᠤᠯᠵᠤ᠂ ᠲᠠᠷᠢᠶ᠎ᠠ ᠲᠠᠷᠢᠪᠠᠯ ᠤᠷᠤᠯᠭ᠎ᠠ ᠲᠠᠢ ᠪᠤᠯᠭᠠᠨ᠂ | ᠲᠠᠷᠢᠶᠠᠴᠢᠳ ᠤᠨ ᠠᠵᠢᠯᠯᠠᠬᠤ ᠡᠷᠴᠢ ᠵᠤᠷᠢᠭ ᠢ ᠬᠦᠪᠴᠢᠯᠡᠯᠠ᠃ ᠪᠠᠢ ᠴᠤᠯᠮᠤᠨ ᠮᠡᠳᠡᠭᠡᠯᠡᠪᠡ |