| ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠳᠡᠯᠦᠩᠭᠦᠶ ᠬᠠᠮᠢᠶᠠᠷᠤᠯᠲᠠ ᠶᠢ ᠤᠯᠠᠮ ᠨᠢᠭᠡ | ᠠᠯᠬᠤᠮ ᠵᠢᠷᠤᠮᠵᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠶ ᠪᠠᠷ | ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠳᠡᠭᠦᠯᠢᠨ ᠵᠡᠭᠡᠯᠢ ᠶᠢᠨ ᠠᠷᠠᠳ ᠤᠨ | ᠶᠠᠪᠤᠳᠠᠯ ᠤᠨ ᠠᠯᠪᠠᠨ ᠬᠡᠷ ᠵᠡᠭᠡᠯᠢ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠵᠢᠴᠢ ᠨᠡᠶᠢᠭᠡᠮ | ᠲᠣᠭᠤᠷᠢᠭ ᠤᠨ ᠠᠵᠢᠯᠲᠠᠳ ᠲᠠᠢ ᠬᠠᠮᠲᠤᠷᠠᠨ᠂ ᠬᠠᠷᠢᠶ᠎ᠠ ᠣᠷᠣᠨ ᠤ ᠳᠣᠲᠣᠷᠠᠬᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭᠠᠲᠤ ᠳᠥᠷᠪᠡᠨ ᠬᠡᠷ ᠪᠦᠯᠢ ᠪᠠᠷ ᠬᠦᠷᠴᠦ ᠰᠤᠷᠪᠤᠯᠵᠢᠯᠠᠨ ᠬᠢᠨᠠᠨ ᠪᠠᠶᠢᠴᠠᠭᠠᠬᠤ ᠠᠵᠢᠯ ᠢ ᠥᠷᠨᠢᠭᠦᠯᠪᠡ᠃ ᠬᠡᠷ | ᠪᠦᠯᠢ ᠶᠢᠨ ᠣᠷᠣᠨ ᠰᠠᠭᠤᠴᠠ ᠶᠢᠨ ᠣᠷᠴᠢᠨ ᠲᠣᠭᠤᠷᠢᠨ᠂ ᠠᠮᠢᠳᠤᠷᠠᠯ ᠤᠨ ᠨᠥᠬᠦᠴᠡᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠬᠡᠷ ᠪᠦᠯᠢ ᠶᠢᠨ ᠭᠡᠰᠢᠬᠦᠨ ᠤ ᠡᠷᠡᠭᠦᠯ ᠮᠡᠨᠳᠦ ᠶᠢᠨ ᠪᠠᠶᠢᠳᠠᠯ᠂ ᠣᠷᠣᠯᠭ᠎ᠠ ᠶᠢᠨ ᠢᠷᠡᠯᠲᠡ | ᠵᠢᠴᠢ ᠶᠡᠭᠡ ᠲᠣᠭᠠᠨ ᠤ ᠵᠠᠷᠤᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠡᠷᠦᠬᠡ ᠠᠮᠠ ᠶᠢᠨ | ᠳᠡᠪᠲᠡᠷ᠂ ᠡᠪᠡᠳᠴᠢᠨ ᠤ ᠥᠩᠭᠡᠷᠡᠯᠲᠡ᠂ ᠵᠡᠮᠳᠡᠭ ᠬᠥᠮᠦᠨ ᠤ ᠦᠨᠡᠮᠯᠡᠯ ᠵᠡᠷᠭᠡ ᠬᠠᠮᠢᠶ᠎ᠠ ᠪᠥᠬᠦᠶ ᠭᠡᠷᠡᠴᠢᠯᠡᠬᠦ | ᠮᠠᠲ᠋ᠧᠷᠢᠶᠠᠯ ᠢ ᠨᠢᠭᠡᠳ ᠨᠢᠭᠡ ᠪᠠᠷ ᠬᠠᠷᠭᠤᠭᠤᠯᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ ᠪᠦᠷᠢᠨ ᠪᠦᠲᠦᠨ | ᠪᠠᠶᠢᠬᠤ ᠶᠢ ᠦᠨᠡᠨ ᠬᠦ ᠪᠠᠲᠤᠯᠠᠵᠠᠢ᠃ ᠵᠡᠭᠡᠯᠢ᠂ ᠨᠡᠶᠢᠭᠡᠮ ᠲᠣᠭᠤᠷᠢᠭ ᠤᠨ ᠠᠵᠢᠯᠲᠠᠳ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠠᠵᠢᠯ ᠢ ᠵᠡᠷᠭᠡᠪᠡᠷ ᠥᠷᠨᠢᠭᠦᠯᠵᠦ᠂ ᠣᠯᠠᠨ ᠲᠦᠮᠡᠨ ᠤ ᠠᠰᠠᠭᠤᠯᠲᠠ ᠶᠢ | ᠬᠦᠯᠢᠴᠡᠩᠭᠦᠶ ᠪᠠᠷ ᠬᠠᠷᠢᠭᠤᠯᠪᠠ᠃ | | | | | | | | ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠨᠠᠶᠢᠳᠠᠪᠤᠷᠢᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠴᠤ | ᠬᠦᠴᠢᠷᠳᠡᠯᠲᠡᠶ ᠬᠥᠮᠦᠰ ᠤᠨ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠶ ᠪᠠᠷ ᠪᠠᠶᠢᠴᠠᠭᠠᠨ ᠭᠠᠷᠭᠠᠵᠤ᠂ ᠠᠷᠠᠳ ᠤᠨ | ᠠᠮᠢᠳᠤᠷᠠᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠴᠢᠩᠭᠠᠳᠬᠠᠭᠰᠠᠨ | ᠮᠥᠷᠲᠡᠭᠡᠨ ᠪᠠᠰᠠ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠨᠡᠶᠢᠭᠡᠮ ᠤᠨ ᠠᠪᠤᠷᠠᠨ | ᠲᠤᠰᠠᠯᠠᠯᠲᠠ ᠶᠢᠨ ᠨᠠᠷᠢᠯᠢᠭ ᠣᠨᠣᠴᠢᠲᠠᠶ ᠬᠢᠷᠢ ᠲᠦᠪᠰᠢᠨ ᠤ ᠳᠡᠭᠡᠭᠰᠢᠯᠡᠯᠲᠡ ᠶᠢ ᠤᠯᠠᠮ ᠨᠢᠭᠡ ᠠᠯᠬᠤᠮ | ᠠᠬᠢᠭᠤᠯᠤᠭᠰᠠᠨ ᠪᠠᠶᠢᠨ᠎ᠠ᠃ |