| ᠬᠠᠷᠢᠶ᠎ᠠ ᠣᠷᠣᠨ ᠤ ᠣᠯᠠᠨ ᠲᠦᠮᠡᠨ ᠤ ᠭᠠᠵᠢᠭᠤ ᠨᠣᠮᠯᠠᠯ ᠢ ᠰᠡᠷᠭᠡᠶᠢᠯᠡᠬᠦ᠂ ᠭᠠᠵᠢᠭᠤ ᠨᠣᠮᠯᠠᠯ ᠢ ᠢᠯᠭᠠᠨ | ᠲᠠᠨᠢᠬᠤ᠂ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ᠂ ᠭᠠᠵᠢᠭᠤ ᠨᠣᠮᠯᠠᠯ ᠠᠴᠠ ᠵᠠᠶᠢᠳᠠᠭᠤ ᠪᠠᠶᠢᠬᠤ ᠤᠬᠠᠮᠰᠠᠷ | ᠪᠠ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠪᠴᠢᠯᠲᠡ | ᠡᠪᠳᠡᠯᠡᠭᠡ ᠶᠢ ᠡᠷᠡᠰ ᠡᠰᠡᠷᠭᠦᠴᠡᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠢᠩᠭᠠᠨ ᠬᠡᠷᠡᠭ ᠡᠷᠬᠢᠯᠡᠬᠦ | ᠭᠠᠵᠠᠷ ᠵᠣᠯ ᠵᠢᠷᠭᠠᠯᠲᠤ ᠨᠡᠶᠢᠭᠡᠮ ᠲᠣᠭᠤᠷᠢᠭ ᠲᠤ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠂ ᠲᠤᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠨᠢ ︽ᠰᠢᠨᠵᠢᠯᠡᠬᠦ ᠤᠬᠠᠭᠠᠨᠴᠢ ᠵᠣᠷᠢᠭ | ᠰᠠᠨᠠᠭ᠎ᠠ ᠶᠢ ᠪᠠᠳᠠᠷᠠᠭᠤᠯᠵᠤ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠶ᠎ᠠ︾ ᠭᠡᠬᠦ ᠪᠣᠯᠤᠨ᠎ᠠ᠃ | | | | | | | ᠡᠷᠦᠬᠡ ᠪᠠᠷ ᠬᠦᠷᠴᠦ ᠤᠬᠠᠭᠤᠯᠬᠤ ᠠᠵᠢᠯ ᠢ ᠥᠷᠨᠢᠭᠦᠯᠬᠦ ᠪᠠᠷ ᠳᠠᠮᠵᠢᠨ᠂ ᠠᠵᠢᠯᠲᠠᠳ ᠰᠠᠭᠤᠭᠠᠯᠢ ᠠᠷᠠᠳ | ᠲᠤ ᠲᠤᠬᠠᠶ ᠶᠢᠨ ᠲᠠᠯᠠᠪᠠᠢ ᠶᠢᠨ ᠲᠠᠶᠢᠯᠤᠮᠵᠢ ᠬᠢᠵᠦ᠂ ᠭᠠᠵᠢᠭᠤ ᠨᠣᠮᠯᠠᠯ ᠤᠨ ᠰᠢᠨᠵᠢ ᠴᠢᠨᠠᠷ᠂ ᠣᠨᠴᠠᠯᠢᠭ ᠵᠢᠴᠢ | ᠬᠤᠤᠷ ᠬᠥᠨᠥᠭᠡᠯ ᠵᠡᠷᠭᠡ ᠶᠢ ᠨᠠᠷᠢᠨ ᠲᠠᠨᠢᠯᠴᠠᠭᠤᠯᠵᠤ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠭᠠᠵᠢᠭᠤ | ᠨᠣᠮᠯᠠᠯ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ᠂ ᠰᠠᠭᠤᠭᠠᠯᠢ ᠠᠷᠠᠳ ᠲᠤ | ᠭᠠᠵᠢᠭᠤ ᠨᠣᠮᠯᠠᠯ ᠤᠨ ᠮᠥᠨ ᠴᠢᠨᠠᠷ ᠢ ᠲᠣᠳᠣᠷᠬᠠᠶ ᠲᠠᠨᠢᠭᠤᠯᠪᠠ᠃ | ᠡᠭᠦᠨ ᠤ ᠬᠠᠮᠲᠤ ᠳᠡᠯᠭᠡᠨ ᠦᠵᠡᠭᠦᠯᠬᠦ ᠲᠣᠭᠤᠷᠢᠭ ᠲᠣᠬᠢᠷᠠᠭᠤᠯᠬᠤ ᠪᠠᠷ ᠳᠠᠮᠵᠢᠭᠤᠯᠤᠨ ᠤᠬᠠᠭᠤᠯᠭ᠎ᠠ ᠶᠢᠨ | ᠭᠠᠷ ᠳᠡᠪᠲᠡᠷ ᠲᠠᠷᠬᠠᠭᠠᠵᠤ᠂ ᠤᠯᠠᠨ ᠲᠦᠮᠡᠨ ᠳᠤ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢ ᠲᠦᠭᠡᠮᠡᠯᠵᠢᠭᠦᠯᠵᠦ᠂ | ᠨᠢᠭᠤᠷᠳᠠᠨ ᠶᠠᠷᠢᠯᠴᠠᠬᠤ ᠬᠡᠯᠪᠡᠷᠢ ᠪᠠᠷ ᠭᠠᠵᠢᠭᠤ ᠨᠣᠮᠯᠠᠯ ᠢ ᠰᠡᠷᠭᠡᠶᠢᠯᠡᠬᠦ ᠰᠡᠷᠡᠮᠵᠢᠯᠡᠭᠦᠯᠬᠦ ᠬᠥᠮᠦᠵᠢᠯ ᠤᠨ ᠭᠠᠷ | ᠳᠡᠪᠲᠡᠷ ᠢ ᠲᠠᠨᠢᠯᠴᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢ ᠠᠷᠠᠳ ᠤᠨ ᠰᠡᠳᠬᠢᠯ ᠳᠤ | ᠬᠠᠳᠠᠩᠰᠢᠭᠤᠯᠪᠠ᠃ | | | | | ᠲᠣᠰ ᠤᠳᠠᠭᠠᠨ ᠤ ᠠᠵᠢᠯᠯᠠᠭ᠎ᠠ ᠨᠢ ᠣᠯᠠᠨ ᠲᠦᠮᠡᠨ ᠤ ᠭᠠᠵᠢᠭᠤ ᠨᠣᠮᠯᠠᠯ ᠢ ᠢᠯᠭᠠᠨ ᠲᠠᠨᠢᠵᠤ ᠭᠠᠵᠢᠭᠤ | ᠨᠣᠮᠯᠠᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠣᠯᠠᠨ ᠤ ᠭᠠᠵᠢᠭᠤ ᠨᠣᠮᠯᠠᠯ ᠢ | ᠰᠡᠷᠭᠡᠶᠢᠯᠡᠬᠦ ᠠᠵᠢᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠬᠥᠭᠵᠢᠭᠡᠵᠦ᠂ ︽ᠰᠢᠨᠵᠢᠯᠡᠬᠦ ᠤᠬᠠᠭᠠᠨᠴᠢ | ᠵᠣᠷᠢᠭ ᠰᠠᠨᠠᠭ᠎ᠠ ᠶᠢ ᠪᠠᠳᠠᠷᠠᠭᠤᠯᠵᠤ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ︾ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | |