| | ᠭᠤᠣᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠬᠠᠮᠢᠶᠠᠷᠤᠯᠲᠠ ᠶᠢ ᠵᠢᠷᠤᠮᠵᠢᠭᠤᠯᠬᠤ ᠶᠢᠨ | ᠲᠥᠯᠥᠭᠡ᠂ ︽ᠤᠯᠠᠭᠠᠨᠬᠤᠲᠠ ᠶᠢᠨ ᠭᠤᠣᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠶᠢ ᠵᠢᠷᠤᠮᠵᠢᠭᠤᠯᠬᠤ | ᠲᠥᠯᠥᠪᠵᠢᠭᠦᠯᠭᠡ ︵2025 ᠣᠨ-2029 ᠣᠨ︶︾ ᠶᠢ ᠨᠠᠶᠢᠷᠠᠭᠤᠯᠤᠨ ᠵᠣᠬᠢᠶᠠᠪᠠ᠃ ︽ᠤᠯᠠᠭᠠᠨᠬᠤᠲᠠ ᠶᠢᠨ | ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠶᠢ ᠵᠢᠷᠤᠮᠵᠢᠭᠤᠯᠬᠤ ᠲᠥᠯᠥᠪᠵᠢᠭᠦᠯᠭᠡ ︵2025 ᠣᠨ | -2029 ᠣᠨ︶︾ ᠶᠢ ᠣᠶᠢᠯᠠᠭᠠᠬᠤ ᠳᠤ ᠲᠥᠬᠦᠮ ᠤᠨ ᠲᠤᠰᠠᠳᠠ᠂ ᠡᠳᠦᠭᠡ ᠬᠠᠮᠢᠶ᠎ᠠ ᠪᠥᠬᠦᠶ ᠠᠭᠤᠯᠭ᠎ᠠ ᠶᠢ | ᠳᠣᠤᠷᠠᠬᠢ ᠮᠡᠲᠦ ᠲᠠᠶᠢᠯᠪᠤᠷᠢᠯᠠᠶ᠎ᠠ᠃ | ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠬᠠᠶᠢᠷ ᠴᠢᠯᠠᠭᠤ ᠮᠠᠯᠲᠠᠬᠤ ᠲᠥᠯᠥᠪᠵᠢᠭᠦᠯᠭᠡ ᠪᠣᠯ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ | ᠮᠠᠯᠲᠠᠬᠤ ᠬᠠᠮᠢᠶᠠᠷᠤᠯᠲᠠ ᠶᠢᠨ ᠦᠨᠳᠦᠰᠦᠨ ᠦᠨᠳᠦᠰᠦᠯᠡᠯ ᠪᠣᠯᠬᠤ ᠪᠥᠭᠡᠳ ᠭᠤᠤᠯ ᠤᠨ ᠭᠤᠯᠳᠤᠷᠢᠯ ᠠᠴᠠ ᠬᠠᠶᠢᠷ | ᠴᠢᠯᠠᠭᠤ ᠮᠠᠯᠲᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠰᠠᠭᠤᠷᠢ ᠪᠣᠯᠤᠨ᠎ᠠ᠃ ᠣᠶᠢᠷ᠎ᠠ ᠶᠢᠨ ᠵᠢᠯ ᠤᠳ ᠲᠤ᠂ | ᠤᠯᠠᠭᠠᠨᠬᠤᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠦᠷᠭᠡᠨ ᠬᠥᠭᠵᠢᠯᠲᠡ᠂ ᠬᠤᠲᠠ ᠶᠢᠨ | ᠥᠭᠡᠷᠡᠴᠢᠯᠡᠯᠲᠡ ᠪᠠ ᠰᠢᠨ᠎ᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠯᠠᠪᠳᠠᠭᠤᠨ ᠢᠶᠠᠷ ᠠᠭᠢᠬᠤ ᠶᠢ | ᠳᠠᠭᠠᠯᠳᠤᠨ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠠᠶᠢᠷ ᠴᠢᠯᠠᠭᠤᠨ ᠤ ᠬᠡᠷᠡᠭᠴᠡᠭᠡ ᠤᠯᠠᠮ ᠠᠴᠠ ᠤᠯᠠᠮ | ᠨᠡᠮᠡᠭᠳᠡᠭᠰᠡᠨ ᠪᠠᠶᠢᠨ᠎ᠠ᠃ ᠤᠯᠠᠭᠠᠨᠬᠤᠲᠠ ᠶᠢᠨ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ | ᠬᠠᠮᠢᠶᠠᠷᠤᠯᠲᠠ ᠶᠢᠨ ᠡᠮᠬᠢ ᠳᠢᠭᠯᠢᠮ ᠢ ᠬᠠᠮᠠᠭᠠᠯᠠᠵᠤ᠂ ᠭᠤᠤᠯ ᠤᠨ ᠭᠤᠯᠳᠤᠷᠢᠯ ᠤᠨ ᠦᠶᠡᠷ ᠢ ᠵᠠᠯᠠᠬᠤ ᠵᠢᠴᠢ ᠣᠯᠠᠨ | ᠨᠡᠶᠢᠲᠡ ᠶᠢᠨ ᠠᠮᠤᠷ ᠲᠦᠪᠰᠢᠨ ᠢ ᠪᠠᠲᠤᠯᠠᠨ᠂ ᠭᠤᠤᠯ ᠤᠨ ᠭᠤᠯᠳᠤᠷᠢᠯ ᠤᠨ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ | ᠮᠠᠯᠲᠠᠬᠤ ᠶᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠡᠪᠴᠢᠶᠡᠨ ᠳᠤ ᠲᠣᠭᠲᠠᠭᠤᠨ ᠬᠠᠶᠢᠷ | ᠴᠢᠯᠠᠭᠤᠨ ᠤ ᠡᠬᠢ ᠪᠠᠶᠠᠯᠢᠭ ᠬᠠᠩᠭᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠤᠰᠤᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠭᠤᠯᠳᠤᠷᠢᠯ ᠤᠨ ᠬᠠᠮᠢᠶᠠᠷᠤᠯᠲᠠ ᠶᠢᠨ | ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠶᠢ ᠵᠢᠷᠤᠮᠵᠢᠭᠤᠯᠬᠤ ᠵᠢᠯᠣᠭᠤᠳᠬᠤ ᠰᠠᠨᠠᠯ ᠤᠨ | ᠲᠤᠬᠠᠶ ᠮᠡᠳᠡᠭᠳᠡᠯ︾ ︵ᠥᠪᠥᠷ ᠮᠣᠩᠭᠤᠯ ᠤᠨ ᠭᠤᠤᠯ ᠮᠦᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ﹇ | 2019﹈ 24 ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ ︽ | ᠤᠯᠠᠭᠠᠨᠬᠤᠲᠠ ᠶᠢᠨ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠶᠢ ᠵᠢᠷᠤᠮᠵᠢᠭᠤᠯᠬᠤ | ᠲᠥᠯᠥᠪᠵᠢᠭᠦᠯᠭᠡ ︵2025 - 2029 ᠣᠨ︶︾ ᠶᠢ ᠨᠠᠶᠢᠷᠠᠭᠤᠯᠤᠨ ᠵᠣᠬᠢᠶᠠᠪᠠ᠃ | ᠬᠤᠶᠠᠷ᠂ ᠭᠤᠣᠯ ᠠᠭᠤᠯᠭ᠎ᠠ | ︽ᠤᠯᠠᠭᠠᠨᠬᠤᠲᠠ ᠶᠢᠨ ᠭᠤᠣᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠶᠢ ᠵᠢᠷᠤᠮᠵᠢᠭᠤᠯᠬᠤ | ᠲᠥᠯᠥᠪᠵᠢᠭᠦᠯᠭᠡ ︵2025 ᠣᠨ -2029 ᠣᠨ︶︾ ᠨᠢ ᠨᠡᠶᠢᠲᠡ 9 ᠪᠦᠯᠦᠭ 31 ᠬᠡᠰᠡᠭ ᠠᠭᠤᠯᠭ᠎ᠠ ᠶᠢ | ᠪᠠᠭᠲᠠᠭᠠᠨ᠎ᠠ᠃ | ᠨᠢᠭᠡᠳᠦᠭᠡᠷ ᠪᠦᠯᠦᠭ᠂ ᠦᠨᠳᠦᠰᠦᠨ ᠪᠠᠶᠢᠳᠠᠯ᠃ ᠡᠭᠦᠨ ᠳᠤ ᠭᠤᠣᠯ ᠤᠨ ᠭᠤᠯᠳᠤᠷᠢᠯ ᠤᠨ ᠲᠦᠢᠮᠣ | ᠪᠠᠶᠢᠳᠠᠯ᠂ ᠤᠰᠤᠨ ᠵᠦᠢ ᠶᠢᠨ ᠴᠠᠭ ᠠᠭᠤᠷ ᠤᠨ ᠣᠨᠴᠠᠯᠢᠭ᠂ ᠤᠰᠤᠨ ᠤ ᠠᠮᠢ ᠠᠬᠤᠢ ᠣᠷᠴᠢᠨ ᠲᠣᠭᠤᠷᠢᠨ ᠤ | ᠣᠳᠣᠬᠢ ᠪᠠᠶᠢᠳᠠᠯ᠂ ᠨᠢᠭᠡᠨᠲᠡ ᠪᠠᠶᠢᠭᠤᠯᠤᠭᠰᠠᠨ ᠤᠰᠤᠨ ᠳᠤ ᠬᠤᠯᠪᠣᠭᠳᠠᠬᠤ ᠢᠨᠵᠧᠨᠧᠷᠢᠩ ᠪᠣᠯᠤᠨ ᠪᠠᠶᠢᠭᠤᠯᠬᠤ ᠪᠠᠷ | ᠪᠠᠶᠢᠭ᠎ᠠ ᠤᠰᠤᠨ ᠳᠤ ᠬᠤᠯᠪᠣᠭᠳᠠᠬᠤ ᠢᠨᠵᠧᠨᠧᠷᠢᠩ ᠤᠨ ᠲᠥᠯᠥᠪᠵᠢᠭᠦᠯᠭᠡ ᠶᠢᠨ ᠲᠦᠢᠮᠣ ᠪᠠᠶᠢᠳᠠᠯ᠂ ᠤᠰᠤᠨ | ᠲᠡᠭᠡᠭᠡᠪᠦᠷᠢ ᠶᠢᠨ ᠣᠳᠣᠬᠢ ᠪᠠᠶᠢᠳᠠᠯ ᠪᠣᠯᠤᠨ ᠤᠰᠤᠨ ᠵᠠᠮ ᠤᠨ ᠲᠡᠭᠡᠭᠡᠪᠦᠷᠢ ᠶᠢᠨ ᠲᠥᠯᠥᠪᠵᠢᠭᠦᠯᠭᠡ ᠶᠢᠨ ᠲᠦᠢᠮᠣ | ᠪᠠᠶᠢᠳᠠᠯ ᠪᠠᠭᠲᠠᠵᠤ᠂ ᠨᠡᠶᠢᠳᠡ 5 ᠬᠡᠰᠡᠭ ᠠᠭᠤᠯᠭ᠎ᠠ ᠲᠠᠢ᠃ | ᠬᠤᠶᠠᠳᠤᠭᠠᠷ ᠪᠦᠯᠦᠭ᠂ ᠬᠠᠶᠢᠷ ᠴᠢᠯᠠᠭᠤ ᠮᠠᠯᠲᠠᠬᠤ ᠣᠳᠣᠬᠢ ᠪᠠᠶᠢᠳᠠᠯ ᠵᠢᠴᠢ ᠬᠡᠯᠪᠡᠷᠢ᠃ ᠮᠠᠨ ᠤ | ᠬᠤᠲᠠ ᠶᠢᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠪᠠᠷ ᠳᠠᠮᠵᠢᠨ᠂ ᠭᠤᠣᠯ ᠤᠨ ᠭᠤᠯᠳᠤᠷᠢᠯ ᠠᠴᠠ ᠬᠠᠶᠢᠷ | ᠴᠢᠯᠠᠭᠤ ᠮᠠᠯᠲᠠᠬᠤ ᠣᠳᠣᠬᠢ ᠪᠠᠶᠢᠳᠠᠯ ᠲᠠᠢ ᠤᠶᠠᠯᠳᠤᠭᠤᠯᠵᠤ᠂ ᠣᠳᠣᠬᠠᠨ ᠤ ᠭᠤᠣᠯ ᠤᠨ ᠭᠤᠯᠳᠤᠷᠢᠯ ᠠᠴᠠ ᠬᠠᠶᠢᠷ | ᠴᠢᠯᠠᠭᠤ ᠮᠠᠯᠲᠠᠬᠤ ᠳᠤ ᠲᠤᠯᠭᠠᠷᠠᠵᠤ ᠪᠠᠶᠢᠭ᠎ᠠ ᠪᠠᠶᠢᠳᠠᠯ ᠢ ᠲᠣᠳᠣᠷᠬᠠᠶᠢᠯᠠᠨ ᠥᠭᠦᠯᠡᠪᠡ᠃ ᠡᠭᠦᠨ ᠳᠤ ᠨᠡᠶᠢᠭᠡᠮ ᠤᠨ | ᠠᠵᠤ ᠠᠬᠤᠶ ᠶᠢᠨ ᠲᠦᠢᠮᠣ ᠪᠠᠶᠢᠳᠠᠯ ᠵᠢᠴᠢ ᠬᠥᠭᠵᠢᠯᠲᠡ ᠶᠢᠨ ᠬᠠᠨᠳᠤᠰᠢ᠂ ᠭᠤᠤᠯ ᠤᠨ ᠭᠤᠯᠳᠤᠷᠢᠯ ᠠᠴᠠ ᠬᠠᠶᠢᠷ | ᠴᠢᠯᠠᠭᠤ ᠮᠠᠯᠲᠠᠬᠤ ᠣᠳᠣᠬᠢ ᠪᠠᠶᠢᠳᠠᠯ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠵᠢᠴᠢ ᠬᠡᠷᠡᠭᠵᠢᠭᠦᠯᠦᠭᠰᠡᠨ | ᠪᠠᠶᠢᠳᠠᠯ᠂ ᠲᠤᠯᠭᠠᠷᠠᠵᠤ ᠪᠠᠶᠢᠭ᠎ᠠ ᠪᠠᠶᠢᠳᠠᠯ ᠪᠠᠭᠲᠠᠨ᠎ᠠ᠂ ᠨᠡᠶᠢᠲᠡ 3 ᠬᠡᠰᠡᠭ ᠠᠭᠤᠯᠭ᠎ᠠ ᠲᠠᠢ᠃ | ᠭᠤᠷᠪᠠᠳᠤᠭᠠᠷ ᠪᠦᠯᠦᠭ᠂ ᠲᠥᠯᠥᠪᠵᠢᠭᠦᠯᠭᠡ ᠶᠢᠨ ᠵᠠᠷᠴᠢᠮ ᠬᠢᠭᠡᠳ ᠲᠥᠯᠥᠪᠵᠢᠭᠦᠯᠭᠡ ᠶᠢᠨ ᠡᠭᠦᠷᠭᠡ᠃ | ᠡᠭᠦᠨ ᠳᠤ ᠲᠥᠯᠥᠪᠵᠢᠭᠦᠯᠭᠡ ᠶᠢᠨ ᠬᠡᠪᠴᠢᠶ᠎ᠡ ᠬᠢᠭᠡᠳ ᠲᠥᠯᠥᠪᠵᠢᠭᠦᠯᠭᠡ ᠶᠢᠨ ᠬᠤᠭᠤᠴᠠᠭ᠎ᠠ᠂ | ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ ᠬᠢᠭᠡᠳ ᠵᠠᠷᠴᠢᠮ᠂ ᠲᠥᠯᠥᠪᠵᠢᠭᠦᠯᠭᠡ ᠶᠢᠨ ᠡᠭᠦᠷᠭᠡ᠂ | ᠲᠥᠯᠥᠪᠵᠢᠭᠦᠯᠭᠡ ᠶᠢᠨ ᠰᠠᠭᠤᠷᠢ ᠪᠠᠷᠢᠮᠵᠢᠶᠠᠲᠤ ᠵᠢᠯ ᠬᠢᠭᠡᠳ ᠲᠥᠯᠥᠪᠵᠢᠭᠦᠯᠭᠡ ᠶᠢᠨ ᠬᠤᠭᠤᠴᠠᠭ᠎ᠠ ᠶᠢ ᠪᠠᠭᠲᠠᠭᠠᠵᠤ᠂ | ᠨᠡᠶᠢᠲᠡ 4 ᠬᠡᠰᠡᠭ ᠠᠭᠤᠯᠭ᠎ᠠ ᠲᠠᠢ᠃ | ᠳᠥᠷᠪᠡᠳᠦᠭᠡᠷ ᠪᠦᠯᠦᠭ᠂ ᠭᠤᠣᠯ ᠤᠨ ᠭᠤᠯᠳᠤᠷᠢᠯ ᠤᠨ ᠬᠤᠪᠢᠷᠠᠯᠲᠠ ᠶᠢᠨ ᠵᠠᠳᠠᠯᠤᠯᠲᠠ᠃ ᠡᠭᠦᠨ ᠳᠤ | ᠲᠡᠦᠬᠡᠨ ᠴᠠᠭ ᠦᠶ᠎ᠡ ᠶᠢᠨ ᠬᠤᠪᠢᠷᠠᠯᠲᠠ᠂ ᠣᠶᠢᠷ᠎ᠠ ᠶᠢᠨ ᠬᠤᠭᠤᠴᠠᠭᠠᠨ ᠤ ᠬᠤᠪᠢᠷᠠᠯᠲᠠ᠂ ᠭᠤᠤᠯ ᠤᠨ | ᠭᠤᠯᠳᠤᠷᠢᠯ ᠤᠨ ᠬᠤᠪᠢᠷᠠᠯᠲᠠ ᠶᠢᠨ ᠬᠠᠨᠳᠤᠰᠢ ᠶᠢ ᠪᠠᠭᠲᠠᠭᠠᠵᠤ᠂ 3 ᠬᠡᠰᠡᠭ ᠠᠭᠤᠯᠭ᠎ᠠ ᠲᠠᠢ᠃ | ᠲᠠᠪᠤᠳᠤᠭᠠᠷ ᠪᠦᠯᠦᠭ᠂ ᠬᠠᠶᠢᠷ ᠴᠢᠯᠠᠭᠤ ᠶᠢ ᠨᠥᠬᠦᠪᠥᠷᠢᠯᠡᠬᠦ ᠵᠢᠴᠢ ᠠᠰᠢᠭᠯᠠᠵᠤ ᠪᠣᠯᠬᠤ ᠬᠠᠶᠢᠷ | ᠴᠢᠯᠠᠭᠤᠨ ᠤ ᠶᠡᠷᠦᠩᠬᠡᠢ ᠬᠡᠮᠵᠢᠶᠡᠨ ᠤ ᠵᠠᠳᠠᠯᠤᠯᠲᠠ᠃ ᠡᠭᠦᠨ ᠳᠤ ᠭᠤᠣᠯ ᠤᠨ ᠬᠡᠪᠡᠯᠢ ᠶᠢᠨ ᠭᠠᠵᠠᠷ ᠤᠨ | ᠳᠠᠪᠬᠤᠷᠭ᠎ᠠ ᠶᠢᠨ ᠲᠠᠷᠬᠠᠯᠲᠠ ᠪᠠ ᠬᠠᠶᠢᠷ ᠴᠢᠯᠠᠭᠤᠨ ᠤ ᠣᠨᠴᠠᠯᠢᠭ ᠤᠨ ᠪᠦᠷᠢᠯᠳᠦᠭᠦᠨ ᠤ ᠵᠠᠳᠠᠯᠤᠯᠲᠠ᠂ ᠰᠢᠪᠠᠷ | ᠰᠢᠷᠤᠢ ᠶᠢᠨ ᠢᠷᠡᠯᠲᠡ ᠬᠢᠭᠡᠳ ᠬᠠᠶᠢᠷ ᠴᠢᠯᠠᠭᠤᠨ ᠤ ᠨᠥᠬᠦᠪᠦᠷᠢ᠂ ᠠᠰᠢᠭᠯᠠᠵᠤ ᠪᠣᠯᠬᠤ ᠬᠠᠶᠢᠷ ᠴᠢᠯᠠᠭᠤᠨ ᠤ | ᠶᠡᠷᠦᠩᠬᠡᠢ ᠬᠡᠮᠵᠢᠶ᠎ᠡ ᠶᠢᠨ ᠵᠠᠳᠠᠯᠤᠯᠲᠠ ᠶᠢ ᠪᠠᠭᠲᠠᠭᠠᠵᠤ᠂ ᠨᠡᠶᠢᠲᠡ 2 ᠬᠡᠰᠡᠭ ᠠᠭᠤᠯᠭ᠎ᠠ ᠲᠠᠢ᠃ | ᠵᠢᠷᠭᠤᠳᠤᠭᠠᠷ ᠪᠦᠯᠦᠭ᠂ ᠬᠠᠶᠢᠷ ᠴᠢᠯᠠᠭᠤ ᠮᠠᠯᠲᠠᠬᠤ ᠣᠷᠣᠨ ᠬᠤᠪᠢᠶᠠᠬᠤ ᠲᠥᠯᠥᠪᠵᠢᠭᠦᠯᠭᠡ᠃ | ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠵᠢᠴᠢ ᠬᠠᠶᠢᠨ ᠰᠢᠨᠵᠢᠯᠡᠯᠲᠡ ᠪᠠᠷ ᠳᠠᠮᠵᠢᠨ᠂ ᠡᠯ᠎ᠡ ᠰᠣᠮᠤ | ᠰᠢᠶᠠᠩ ᠪᠠᠯᠭᠠᠰᠤ᠂ ᠠᠯᠪᠠᠨ ᠬᠡᠷ ᠪᠣᠯᠤᠨ ᠡᠯ᠎ᠡ ᠰᠠᠯᠠᠭ᠎ᠠ ᠮᠥᠴᠢᠷ ᠤᠨ ᠬᠠᠶᠢᠷ ᠴᠢᠯᠠᠭᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠥᠷᠭᠡᠨ ᠢᠶᠠᠷ ᠬᠤᠷᠢᠶᠠᠵᠤ᠂ ᠤᠯᠠᠭᠠᠨᠬᠤᠲᠠ ᠶᠢᠨ ᠬᠢᠵᠠᠭᠠᠷ ᠳᠣᠲᠣᠷᠠᠬᠢ ᠭᠤᠤᠯ ᠮᠦᠷᠡᠨ ᠤ | ᠬᠡᠰᠡᠭ ᠢ ᠤᠷᠢᠳᠴᠢᠯᠠᠨ ᠰᠣᠩᠭᠤᠪᠠ᠃ ᠮᠠᠯᠲᠠᠬᠤ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠬᠤ᠂ ᠮᠠᠯᠲᠠᠵᠤ | ᠪᠣᠯᠬᠤ ᠣᠷᠣᠨ ᠤ ᠲᠥᠯᠥᠪᠵᠢᠭᠦᠯᠭᠡ᠂ ᠬᠡᠪ ᠢᠶᠠᠷ ᠪᠠᠶᠢᠯᠭᠠᠬᠤ ᠣᠷᠣᠨ ᠤ ᠲᠥᠯᠥᠪᠵᠢᠭᠦᠯᠭᠡ ᠶᠢ ᠪᠠᠭᠲᠠᠭᠠᠵᠤ᠂ | ᠨᠡᠶᠢᠲᠡ 3 ᠬᠡᠰᠡᠭ ᠠᠭᠤᠯᠭ᠎ᠠ ᠲᠠᠢ᠃ | ᠳᠣᠯᠣᠳᠤᠭᠠᠷ ᠪᠦᠯᠦᠭ᠂ ᠬᠠᠶᠢᠷ ᠴᠢᠯᠠᠭᠤ ᠮᠠᠯᠲᠠᠬᠤ ᠶᠢ ᠨᠥᠯᠥᠭᠡᠯᠡᠬᠦ ᠵᠠᠳᠠᠯᠤᠯᠲᠠ᠃ ᠬᠠᠶᠢᠷ ᠴᠢᠯᠠᠭᠤ | ᠮᠠᠯᠲᠠᠬᠤ ᠠᠵᠢᠯ ᠤᠨ ᠭᠤᠣᠯ ᠮᠦᠷᠡᠨ ᠤ ᠪᠠᠶᠢᠳᠠᠯ ᠲᠣᠭᠲᠠᠭᠤᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠤᠰᠤ | ᠬᠠᠩᠭᠠᠬᠤ ᠠᠮᠤᠷ ᠲᠦᠪᠰᠢᠨ᠂ ᠠᠶᠠᠯᠠᠯ ᠨᠡᠪᠲᠡᠷᠡᠬᠦ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠳᠠᠬᠢ ᠨᠥᠯᠥᠭᠡ ᠶᠢᠨ ᠵᠠᠳᠠᠯᠤᠯᠲᠠ᠂ ᠣᠷᠴᠢᠨ ᠲᠣᠭᠤᠷᠢᠨ ᠤ ᠨᠥᠯᠥᠭᠡᠯᠡᠯ ᠵᠡᠷᠭᠡ ᠲᠠᠯ᠎ᠠ ᠪᠠᠷ | ᠵᠠᠳᠠᠯᠤᠯᠲᠠ ᠬᠢᠵᠦ᠂ ᠰᠠᠭᠤᠷᠢ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠤ ᠨᠥᠯᠥᠭᠡ ᠂ ᠡᠷᠭᠢᠨ ᠲᠣᠭᠤᠷᠢᠨ ᠤ | ᠲᠠᠷᠢᠶᠠᠨ ᠭᠠᠵᠠᠷ ᠲᠠᠬᠢ ᠨᠥᠯᠥᠭᠡ ᠶᠢ ᠵᠠᠳᠠᠯᠵᠤ᠂ ᠪᠦᠬᠦ ᠲᠠᠯ᠎ᠠ ᠪᠠᠷ ᠦᠨᠡᠯᠡᠯᠲᠡ ᠬᠢᠵᠡᠢ᠃ ᠡᠭᠦᠨ ᠳᠤ ᠬᠠᠶᠢᠷ | ᠴᠢᠯᠠᠭᠤ ᠮᠠᠯᠲᠠᠬᠤ ᠶᠢᠨ ᠭᠤᠣᠯ ᠮᠦᠷᠡᠨ ᠤ ᠪᠠᠶᠢᠳᠠᠯ ᠲᠣᠭᠲᠠᠭᠤᠨ ᠪᠠᠶᠢᠳᠠᠯ ᠳᠤ ᠦᠵᠡᠭᠦᠯᠬᠦ ᠨᠥᠯᠥᠭᠡ᠂ ᠦᠶᠡᠷ ᠢ | ᠰᠡᠷᠭᠡᠶᠢᠯᠡᠬᠦ ᠠᠮᠤᠷ ᠲᠦᠪᠰᠢᠨ ᠳᠤ ᠦᠵᠡᠭᠦᠯᠬᠦ ᠨᠥᠯᠥᠭᠡ᠂ ᠤᠰᠤ ᠬᠠᠩᠭᠠᠬᠤ ᠠᠮᠤᠷ ᠲᠦᠪᠰᠢᠨ ᠳᠤ ᠦᠵᠡᠭᠦᠯᠬᠦ | ᠨᠥᠯᠥᠭᠡ ᠂ ᠠᠶᠠᠯᠠᠯ ᠨᠡᠪᠲᠡᠷᠡᠬᠦ ᠠᠮᠤᠷ ᠲᠦᠪᠰᠢᠨ ᠳᠤ ᠦᠵᠡᠭᠦᠯᠬᠦ ᠨᠥᠯᠥᠭᠡ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠳᠤ ᠦᠵᠡᠭᠦᠯᠬᠦ ᠨᠥᠯᠥᠭᠡ᠂ ᠰᠠᠭᠤᠷᠢ ᠲᠦᠬᠦᠭᠡᠷᠦᠮᠵᠢ ᠶᠢᠨ ᠬᠡᠪ ᠤᠨ ᠠᠵᠢᠯᠯᠠᠭᠠᠨ ᠳᠤ ᠦᠵᠡᠭᠦᠯᠬᠦ | ᠨᠥᠯᠥᠭᠡ᠂ ᠡᠷᠬᠢᠨ ᠲᠣᠭᠤᠷᠢᠨ ᠤ ᠲᠠᠷᠢᠶᠠᠨ ᠭᠠᠵᠠᠷ ᠲᠤ ᠦᠵᠡᠭᠦᠯᠬᠦ ᠨᠥᠯᠥᠭᠡ ᠶᠢ ᠵᠠᠳᠠᠯᠵᠤ᠂ ᠨᠡᠶᠢᠲᠡ 7 ᠬᠡᠰᠡᠭ | ᠠᠭᠤᠯᠭ᠎ᠠ ᠲᠠᠢ᠃ | ᠨᠠᠢᠮᠠᠳᠤᠭᠠᠷ ᠪᠦᠯᠦᠭ᠂ ᠲᠦᠯᠦᠪᠵᠢᠭᠦᠯᠭᠡ ᠶᠢᠨ ᠬᠡᠷᠡᠭᠵᠢᠭᠦᠯᠦᠯᠲᠡ ᠪᠠ ᠬᠠᠮᠢᠶᠠᠷᠤᠯᠲᠠ᠃ | ᠲᠥᠯᠥᠪᠵᠢᠭᠦᠯᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠰᠡᠭᠦᠯᠴᠢ ᠶᠢᠨ | ᠬᠤᠭᠤᠴᠠᠭᠠᠨ ᠤ ᠬᠠᠶᠢᠷ ᠴᠢᠯᠠᠭᠤ ᠮᠠᠯᠲᠠᠬᠤ ᠬᠡᠷᠡᠭᠵᠢᠭᠦᠯᠦᠯᠲᠡ ᠳᠤ ᠪᠣᠳᠠᠲᠠᠶ ᠬᠡᠷᠡᠭᠵᠢᠭᠦᠯᠬᠦ ᠱᠠᠭᠠᠷᠳᠠᠯᠭ᠎ᠠ ᠪᠠ ᠠᠷᠭ᠎ᠠ | ᠬᠡᠮᠵᠢᠶ᠎ᠡ ᠳᠤᠷᠠᠳᠴᠤ᠂ ᠪᠥᠬᠦ ᠬᠤᠲᠠ ᠶᠢᠨ ᠭᠤᠤᠯ ᠤᠨ ᠭᠤᠯᠳᠤᠷᠢᠯ ᠠᠴᠠ ᠬᠠᠶᠢᠷ ᠴᠢᠯᠠᠭᠤ ᠮᠠᠯᠲᠠᠬᠤ ᠠᠵᠢᠯ ᠤᠨ | ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠠ᠃ | ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠪᠠ ᠬᠠᠮᠢᠶᠠᠷᠤᠯᠲᠠ ᠶᠢᠨ ᠱᠠᠭᠠᠷᠳᠠᠯᠭ᠎ᠠ᠂ ᠬᠠᠶᠢᠷ ᠴᠢᠯᠠᠭᠤ ᠮᠠᠯᠲᠠᠬᠤ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠰᠠᠨᠠᠯ ᠢ ᠪᠠᠭᠲᠠᠭᠠᠵᠤ᠂ ᠨᠡᠶᠢᠲᠡ 2 ᠬᠡᠰᠡᠭ ᠠᠭᠤᠯᠭ᠎ᠠ ᠲᠠᠢ | ᠃ | ᠶᠢᠰᠦᠳᠦᠭᠡᠷ ᠪᠦᠯᠦᠭ᠂ ᠳ᠋ᠦᠩᠨᠡᠯᠲᠡ ᠪᠠ ᠰᠠᠨᠠᠭᠤᠯᠭ᠎ᠠ᠃ ᠳ᠋ᠦᠩᠨᠡᠯᠲᠡ ᠪᠠ ᠰᠠᠨᠠᠭᠤᠯᠭ᠎ᠠ ᠶᠢ ᠪᠠᠭᠲᠠᠭᠠᠵᠤ᠂ | ᠨᠡᠶᠢᠲᠡ 2 ᠬᠡᠰᠡᠭ ᠠᠭᠤᠯᠭ᠎ᠠ ᠲᠠᠢ᠃ | | | | | |