| 5 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ | ᠤᠯᠤᠰ ᠤᠨ ᠴᠠᠬᠢᠯᠭᠠᠨ ᠲᠤᠤᠷ ᠤᠨ ᠦᠪᠦᠷ ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ | ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠮᠤᠤ ᠭᠤᠸᠠᠩ ᠬᠤᠢ ᠨᠠᠷ ᠲᠠᠢ | ᠠᠭᠤᠯᠵᠠᠪᠠ᠃ ᠬᠤᠶᠠᠷ ᠲᠠᠯ᠎ᠠ ᠪᠠᠷ ᠢᠶᠠᠨ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠬᠦ᠂ ᠴᠠᠬᠢᠯᠭᠠᠨ | ᠬᠠᠩᠭᠠᠬᠤ ᠴᠢᠳᠠᠪᠤᠷᠢ ᠶᠢ ᠲᠡᠭᠡᠭᠰᠢᠯᠡᠭᠦᠯᠬᠦ ᠵᠢᠴᠢ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠤᠤᠷ ᠱᠤᠭᠤᠮ ᠤᠨ | ᠪᠦᠳᠦᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠲᠦᠷᠦᠯ ᠵᠦᠢᠯ ᠢ ᠴᠠᠬᠢᠯᠭᠠᠨ ᠲᠣᠣᠷ ᠲᠤ ᠵᠠᠯᠭᠠᠬᠤ᠂ ᠨᠡᠮᠡᠭᠳᠡᠯ | ᠴᠠᠬᠢᠯᠭᠠᠨ ᠲᠣᠣᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠤᠴᠢᠷ ᠶᠠᠪᠤᠳᠠᠯ ᠤᠨ | ᠲᠤᠬᠠᠢ ᠭᠦᠨᠵᠡᠭᠡᠢ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠵᠠᠢ᠃ | ᠰᠦᠬᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠤᠯᠤᠰ ᠤᠨ | ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ | ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠳᠤ ᠦᠵᠡᠭᠦᠯᠦᠭᠰᠡᠨ | ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠦ ᠪᠠᠶᠢᠬᠤ ᠪᠠᠨ ᠢᠯᠡᠳᠭᠡᠪᠡ᠃ ᠲᠡᠷᠡ ᠭᠡᠯᠡᠭᠰᠡᠨ ᠨᠢ᠂ ᠴᠠᠬᠢᠯᠭᠠᠨ ᠬᠦᠴᠦ | ᠪᠣᠯ ᠠᠵᠤ ᠠᠬᠤᠶ ᠶᠢᠨ ᠬᠥᠭᠵᠢᠯᠲᠡ ᠶᠢ ᠬᠡᠮᠵᠢᠬᠦ ᠴᠢᠬᠤᠯᠠ ᠭᠦᠢᠴᠡᠳᠭᠡᠯ ᠲᠤᠭ᠎ᠠ ᠮᠥᠨ᠃ ᠣᠳᠣᠬᠠᠨ ᠳᠤ᠂ ᠪᠢᠳᠡ | ᠶᠠᠭ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦ᠋ᠷᠭᠡᠳᠭᠡᠨ ᠪᠠᠶᠢᠭᠤᠯᠵᠤ᠂ ᠰᠠᠯᠬᠢᠨ ᠬᠦᠴᠦᠨ ᠤ ᠴᠠᠬᠢᠯᠭᠠᠨ᠂ | ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠳᠠᠬᠢᠨ ᠡᠭᠦᠳᠴᠥ ᠪᠣᠯᠬᠤ ᠡᠨᠧᠷᠭᠢ ᠶᠢᠨ ᠰᠤᠷᠪᠤᠯᠵᠢ ᠪᠠ ᠴᠡᠪᠡᠷ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ᠃ ᠪᠢᠳᠡ ︽ᠠᠰᠠᠭᠤᠳᠠᠯ ᠢ | ᠰᠶᠢᠳᠪᠦᠷᠢᠯᠡᠵᠦ ᠲᠡᠶᠢᠯᠬᠦ ᠰᠡᠳᠭᠢᠬᠦᠢ︾ ᠶᠢ ᠪᠤᠢ ᠪᠣᠯᠭᠠᠵᠤ᠂ ᠤᠯᠤᠰ ᠤᠨ ᠴᠠᠬᠢᠯᠭᠠᠨ ᠲᠤᠤᠷ ᠤᠨ ᠦᠪᠦᠷ | ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠲᠠᠢ ᠤᠯᠤᠯᠴᠠᠭ᠎ᠠ | ᠬᠠᠮᠵᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ | ᠴᠠᠬᠢᠯᠭᠠᠨ ᠬᠦᠴᠦᠨ ᠤ ᠳᠡᠮᠵᠢᠯᠭᠡ ᠪᠠ ᠪᠠᠲᠤᠯᠠᠭ᠎ᠠ ᠬᠠᠩᠭᠠᠬᠤ ᠡᠷᠴᠢᠮ ᠢᠶᠠᠨ ᠴᠢᠩᠭᠠᠷᠠᠭᠤᠯᠵᠦ᠂ ᠣᠷᠣᠨ | ᠨᠤᠲᠤᠭ ᠤᠨ ᠠᠵᠤ ᠠᠬᠤᠶᠢᠯᠠᠯ ᠤᠨ ᠬᠠᠮᠲᠤᠪᠠᠷ ᠬᠥᠭᠵᠢᠬᠦ᠂ ᠬᠠᠮᠲᠤᠪᠠᠷ ᠠᠰᠢᠭ ᠬᠦᠷᠳᠡᠬᠦ ᠶᠢ ᠨᠡᠩ ᠰᠠᠶᠢᠲᠤᠷ | ᠠᠬᠢᠭᠤᠯᠬᠤ ᠬᠡᠷᠡᠭᠲᠡᠢ ᠭᠡᠪᠡ᠃ | ᠮᠤᠤ ᠭᠤᠸᠠᠩ ᠬᠤᠢ ᠬᠢᠩᠭᠠᠨ ᠤ ᠴᠠᠬᠢᠯᠭᠠᠨ ᠲᠣᠣᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ | ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠤᠨ ᠠᠵᠤ | ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ᠂ ᠴᠠᠬᠢᠯᠭᠠᠨ ᠬᠡᠷᠡᠭᠯᠡᠬᠦ ᠬᠡᠷᠡᠭᠴᠡᠭᠡ ᠶᠡᠭᠡ᠂ ᠺᠣᠮᠫᠠᠨᠢ ᠠᠴᠠ | ᠴᠠᠬᠢᠯᠭᠠᠨ ᠲᠣᠣᠷ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ ᠪᠠᠲᠤ ᠡᠭᠦᠷᠭᠡᠯᠡᠵᠦ᠂ | ᠡᠨᠧᠷᠭᠢ ᠴᠠᠬᠢᠯᠭᠠᠨ ᠬᠦᠴᠦᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠵᠤ ᠠᠬᠤᠶᠢᠯᠠᠯ᠂ ᠤᠯᠠᠨ | ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ | ᠲᠣᠣᠷ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ | ᠳᠠᠮᠵᠢᠭᠤᠯᠭ᠎ᠠ ᠶᠢᠨ ᠲᠤᠤᠷ ᠱᠤᠭᠤᠮ ᠢ ᠲᠦᠷᠭᠡᠨ ᠪᠠᠶᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠶᠢ | ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠨᠡᠩ ᠰᠠᠶᠢᠨ | ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠪᠡ᠃ | ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ ᠵᠢᠴᠢ ᠤᠯᠤᠰ ᠤᠨ ᠴᠠᠬᠢᠯᠭᠠᠨ ᠲᠤᠤᠷ ᠤᠨ ᠦᠪᠦᠷ | ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠬᠠᠮᠢᠶ᠎ᠠ ᠪᠦᠬᠦᠢ | ᠬᠠᠷᠢᠭᠤᠴᠠᠯᠭᠠᠳᠠᠨ ᠤᠷᠤᠯᠴᠠᠪᠠ᠃ ︵ᠸᠧᠨ ᠡᠤ︶ |