ᠬᠢᠩᠭᠠᠨ ᠠᠶᠢᠮᠠᠭ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ ᠪᠤᠢ
ᠨᠡᠶᠢᠲᠡᠯᠡᠭᠰᠡᠨ ᠴᠠᠭ᠄
2025/5/22
        ᠤᠢᠢᠷ᠎ᠠ ᠶᠢᠨ ᠡᠳᠦᠷ ᠤᠳ ᠲᠤ᠂ ᠬᠢᠩᠭᠠᠨ ᠠᠶᠢᠮᠠᠭ ᠤᠨ ᠡᠯ᠎ᠡ ᠭᠠᠵᠠᠷ ᠣᠷᠤᠨ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ᠃        ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠠᠵᠢᠯᠴᠢᠳ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠤᠭᠰᠠᠷᠠᠵᠦ ᠶᠠᠭᠠᠷᠠᠯᠳᠡᠢ ᠠᠵᠢᠯᠯᠠᠵᠦ ᠪᠠᠶᠢᠯ᠎ᠠ᠃        ︽ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠲᠣᠰ ᠬᠤᠭᠤᠴᠠᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 1000MW ᠪᠠᠶᠢᠵᠤ᠂ 100 ᠰᠠᠤᠷᠢ ᠳᠠᠩ ᠮᠠᠰᠢᠨ ᠤ ᠪᠠᠭᠲᠠᠭᠠᠮᠵᠢ ᠨᠢ 10MW ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠬᠡᠷᠡᠭᠯᠡᠵᠦ᠂ ᠣᠳᠣᠬᠠᠨ ᠳᠤ ᠳᠤᠰ ᠲᠥᠷᠥᠯ ᠵᠦᠢᠯ ᠨᠢ ᠨᠢᠭᠡᠨᠲᠡ ᠪᠠᠷᠢᠯᠭ᠎ᠠ ᠶᠢᠨ ᠠᠵᠢᠯ ᠤᠨ ᠣᠷᠭᠢᠯ ᠤᠨ ᠦᠶ᠎ᠡ ᠳᠡᠭᠡᠨ ᠣᠷᠣᠵᠤ᠂ ᠶᠠᠭ ᠰᠠᠶᠢᠬᠠᠨ ᠬᠤᠯᠢᠮᠠᠭ ᠰᠤᠪᠤᠷᠭ᠎ᠠ ᠵᠢᠴᠢ ᠰᠠᠯᠬᠢᠨ ᠬᠦᠴᠦᠨ ᠤ ᠮᠠᠰᠢᠨ ᠢ ᠳᠡᠭᠦᠵᠢᠯᠡᠨ ᠤᠭᠰᠠᠷᠠᠵᠤ ᠪᠤᠢ︾ ᠭᠡᠵᠦ ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠦᠷᠦᠯ ᠵᠦᠢᠯ ᠤᠨ ᠰᠢᠷᠣᠢ ᠶᠢᠨ ᠪᠦᠳᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠯᠢ ᠪᠢᠨ ᠬᠡᠯᠡᠪᠡ᠃        ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠡᠨᠧᠷᠭᠢ ᠶᠢᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 45.2 ᠳ᠋ᠦᠩᠰᠢᠭᠤᠷ ᠲᠥᠭᠦᠷᠢᠭ ᠪᠠᠶᠢᠵᠤ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 100 ᠲᠦᠮᠡᠨ ᠺᠢᠯᠣᠸᠠᠲ ᠲᠤ ᠬᠦᠷᠴᠦ᠂ ᠲᠥᠷᠥᠯ ᠵᠦᠢᠯ ᠢ ᠠᠰᠢᠭᠯᠠᠯᠳᠠ ᠳᠤ ᠤᠷᠤᠭᠤᠯᠤᠭᠰᠠᠨ ᠤ ᠳᠠᠷᠠᠭ᠎ᠠ᠂ ᠴᠠᠬᠢᠯᠭᠠᠨ ᠬᠠᠩᠭᠠᠬᠤ ᠣᠷᠣᠨ ᠤ ᠴᠠᠬᠢᠯᠭᠠᠨ ᠬᠡᠷᠡᠭᠯᠡᠬᠦ ᠪᠠᠴᠢᠮ ᠪᠠᠶᠢᠳᠠᠯ ᠢ ᠪᠦᠲᠦᠮᠵᠢᠲᠡᠶ ᠨᠠᠮᠳᠠᠭᠤᠯᠬᠤ ᠪᠤᠯᠤᠨ᠎ᠠ᠃ ᠵᠢᠱᠢᠯᠲᠡ ᠪᠠᠷ ᠵᠢᠯ ᠪᠦᠷᠢ 22.47 ᠳ᠋ᠦᠩᠰᠢᠭᠤᠷ ᠺᠢᠯᠣᠸᠠᠲ ᠤᠨ ᠪᠤᠬᠢᠷᠳᠦᠯ ᠦᠭᠡᠢ ᠴᠠᠬᠢᠯᠭᠠᠨ ᠬᠠᠩᠭᠠᠵᠤ᠂ 67.75 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ 211.59 ᠲᠦᠮᠡᠨ ᠲᠣᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠵᠤ᠂ 2600 ᠲᠣᠨ ᠣᠲᠤᠭ᠎ᠠ ᠲᠣᠭᠤᠰᠣ ᠶᠢ ᠪᠠᠭᠠᠰᠬᠠᠬᠤ ᠪᠣᠯᠤᠨ᠎ᠠ᠃        ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠷᠠᠭᠤᠨ ᠵᠢᠷᠢᠮ ᠪᠠᠯᠭᠠᠰᠤᠨ ᠤ ᠳ᠋ᠠ ᠲᠠᠩ ᠬᠤᠣᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠨᠡᠮᠡᠭᠳᠡᠯ ᠴᠠᠬᠢᠯᠭᠠᠨ ᠲᠣᠣᠷ ᠤᠨ ᠪᠣᠬᠢᠷᠲᠤᠯ ᠦᠭᠡᠶ ᠴᠠᠬᠢᠯᠭᠠᠨ ᠬᠠᠩᠭᠠᠬᠤ ᠲᠥᠷᠥᠯ ᠵᠦᠢᠯ ︵ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠪᠦᠰᠡ︶ ᠤᠨ ᠨᠢᠭᠡᠳᠦᠭᠡᠷ ᠬᠤᠭᠤᠴᠠᠭᠠᠨ ᠤ 20 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠥᠨᠳᠥᠷ ᠲᠤᠮᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠰᠡᠬᠦ᠋ᠨ ᠰᠦᠨᠳᠡᠷᠯᠡᠵᠦ᠂ ᠪᠠᠷᠢᠯᠭ᠎ᠠ ᠶᠢᠨ ᠲᠡᠭᠡᠭᠡᠪᠦᠷᠢ ᠶᠢᠨ ᠮᠠᠰᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠠᠵᠢᠯᠴᠢᠳ ᠴᠠᠭ ᠮᠥᠴᠡ ᠶᠢ ᠠᠯᠳᠠᠯ ᠦᠭᠡᠢ ᠡᠮᠬᠢ ᠵᠢᠷᠤᠮ ᠲᠠᠢ ᠪᠠᠷ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠳᠡᠭᠦᠵᠢᠯᠡᠨ ᠤᠭᠰᠠᠷᠠᠵᠤ ᠪᠠᠶᠢᠯ᠎ᠠ᠃        ︽ᠳ᠋ᠠ ᠲᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠭᠡᠷ ᠬᠤᠭᠤᠴᠠᠭᠠᠨ ᠤ 20 ᠲᠦᠮᠡᠨ ᠺᠢᠯᠣᠸᠠᠲ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠥᠢᠯ ᠳᠤ ᠨᠡᠶᠢᠲᠡ 8.51 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠂ ᠣᠳᠣᠬᠠᠨ ᠳᠤ ᠨᠢᠭᠡᠨᠲᠡ 16 ᠰᠠᠦᠷᠢ ᠲᠠᠶᠢᠹᠤᠩ ᠰᠠᠯᠬᠢᠨ ᠤ ᠮᠠᠰᠢᠨ ᠢ ᠳᠡᠭᠦᠵᠢᠯᠡᠨ ᠤᠭᠰᠠᠷᠠᠵᠤ᠂ ᠬᠦᠷᠭᠡᠬᠦ ᠱᠤᠭᠤᠮ ᠤᠨ ᠰᠠᠭᠤᠷᠢ ᠶᠢ ᠪᠦᠬᠦᠨ ᠢᠶᠠᠷ ᠨᠢ ᠪᠡᠶᠡᠯᠡᠭᠦᠯᠵᠦ ᠂ ᠣᠳᠣ ᠶᠠᠭ ᠰᠤᠪᠤᠷᠭ᠎ᠠ ᠪᠠᠶᠢᠭᠤᠯᠤᠨ ᠤᠲᠠᠰᠤ ᠲᠠᠲᠠᠵᠤ ᠪᠠᠶᠢᠨ᠎ᠠ᠃ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠤᠨ᠎ᠠ︾ ᠭᠡᠵᠦ ᠳ᠋ᠠ ᠲᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠭᠡᠷ ᠬᠤᠭᠤᠴᠠᠭᠠᠨ ᠤ 20 ᠲᠦᠮᠡᠨ ᠺᠢᠯᠣᠸᠠᠲ ᠤᠨ ᠲᠦᠷᠦᠯ ᠵᠦᠢᠯ ᠤᠨ ᠳᠠᠭᠠᠭᠠᠮᠠᠯ ᠹᠧᠩ ᠵᠧ ᠵᠢᠶᠠᠨ ᠲᠠᠨᠢᠯᠴᠠᠭᠤᠯᠪᠠ᠃        ︽ᠲᠠᠷᠠᠭᠠᠴᠢ ᠶᠢᠨ ᠠᠯᠬᠤᠮ ᠳᠤ᠂ ᠪᠢᠳᠡ ᠮᠸᠡᠭ ᠨᠸᠡᠭ ᠲᠣᠮᠣ ᠰᠠᠭᠤᠷᠢᠨ ᠭᠠᠵᠠᠷ᠂ ᠵᠥᠩ ᠭᠤᠸᠠᠩ ᠾᠧ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠨᠢᠭᠡ ᠴᠤᠭᠴᠠᠵᠢᠭᠤᠯᠬᠤ ᠲᠥᠷᠥᠯ ᠵᠥᠢᠯ᠂ ᠳ᠋ᠠ ᠲᠠᠩ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠥᠢᠯ ᠵᠡᠷᠭᠡ ᠲᠦᠷᠦᠭᠦᠤ ᠬᠠᠭᠠᠰ ᠵᠢᠯ ᠳᠤ 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠬᠤ ᠪᠠᠷ ᠵᠢᠱᠢᠵᠦ ᠪᠠᠶᠢᠭ᠎ᠠ ᠭᠤᠤᠯᠳᠠᠯᠭ᠎ᠠ ᠲᠠᠢ ᠳᠦᠷᠦᠯ ᠵᠦᠢᠯ ᠳᠤ ᠠᠩᠬᠠᠷᠤᠯ ᠢᠶᠠᠨ ᠳᠦᠪᠯᠡᠷᠡᠭᠦᠯᠵᠦ᠂ ᠡᠯ᠎ᠡ ᠭᠠᠵᠠᠷ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠎ᠠ᠃ ᠡᠭᠦᠨ ᠤ ᠬᠠᠮᠲᠤ ᠪᠢᠳᠡ ᠲᠤᠭ᠎ᠠ ᠪᠦᠷᠢᠳᠭᠡᠯ ᠤᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ ᠪᠠᠶᠢᠭᠠᠳ ᠨᠢᠭᠡᠳᠭᠡᠪᠡᠰᠦ ᠵᠣᠬᠢᠬᠤ ᠶᠢ ᠪᠦᠬᠦᠨ ᠢ ᠨᠢᠭᠡᠳᠭᠡᠵᠦ᠂ ᠪᠦᠬᠦᠨ ᠢ ᠬᠥᠮᠥᠷᠭᠡ ᠳᠤ ᠣᠷᠣᠭᠤᠯᠬᠤ ᠶᠢ ᠪᠡᠶᠡᠯᠡᠭᠦᠯᠦᠨ᠎ᠡ︾ ᠭᠡᠵᠦ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠬᠤᠯᠠ ᠶᠡᠭᠡ ᠲᠦᠷᠦᠯ ᠵᠦᠢᠯ ᠤᠨ ᠠᠯᠪᠠᠨ ᠭᠡᠷ ᠤᠨ ᠬᠠᠷᠢᠭᠤᠴᠠᠯᠭᠠᠲᠠᠨ ᠳᠡᠷᠭᠡᠯ ᠬᠡᠯᠡᠪᠡ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号