| 5 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠠᠢ | ᠳ᠋ᠧ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | CEO ᠶᠣᠣ ᠴᠠᠩ ᠱᠧᠩ ᠲᠠᠢ ᠶᠠᠷᠢᠯᠴᠠᠬᠤ ᠬᠤᠷᠠᠯ ᠬᠢᠵᠦ᠂ ᠣᠷᠣᠨ ᠨᠤᠲᠤᠭ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ | ᠶᠠᠷᠢᠯᠴᠠᠬᠤ ᠬᠤᠷᠠᠯ ᠳᠡᠭᠡᠷ᠎ᠡ᠂ ᠰᠦᠬᠡ ᠬᠡᠯᠡᠭᠰᠡᠨ ᠨᠢ᠂ ᠤᠢᠢᠷ᠎ᠠ ᠶᠢᠨ ᠵᠢᠯ ᠠᠴᠠ ᠨᠠᠭᠠᠰᠢ᠂ ᠪᠢᠳᠡ ᠰᠢᠨ᠎ᠡ | ᠡᠨᠧᠷᠭᠢ ᠪᠠᠷ ᠠᠵᠤ ᠦᠢᠯᠡᠳᠪᠦᠷᠢ ᠶᠢᠨ ᠪᠠᠶᠢᠷᠢᠰᠢᠯ ᠢ ᠲᠠᠬᠢᠨ ᠱᠤᠭᠤᠬᠤ ᠰᠢᠨ᠎ᠡ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠲᠤᠯ ᠦᠭᠡᠢ ᠤᠰᠤᠲᠥ᠋ᠷᠥᠭᠴᠢ | ᠰᠢᠪᠲᠦᠷᠲᠦ ᠠᠯᠺᠣᠣᠯ ᠤᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠵᠤ ᠪᠠᠶᠢᠨ᠎ᠠ᠂ ᠣᠷᠣᠨ | ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠠᠶᠢᠨ ᠰᠠᠶᠢᠬᠠᠨ ᠬᠠᠮᠲᠤᠷᠠᠯᠴᠠᠭᠠᠨ ᠤ ᠠᠯᠤᠰ ᠢᠷᠡᠭᠡᠳᠦᠢ | ᠪᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠬᠠᠢ ᠳ᠋ᠧ ᠤᠰᠤᠲᠥ᠋ᠷᠥᠭᠴᠢ ᠡᠨᠧᠷᠭᠢ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ | ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ | ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠶᠣᠣ ᠴᠠᠩ ᠱᠧᠩ ᠬᠢᠩᠭᠠᠨ ᠠᠶᠢᠮᠠᠭ ᠲᠠᠢ ᠬᠠᠮᠲᠤᠷᠠᠯᠴᠠᠨ ᠬᠠᠮᠵᠢᠯᠴᠠᠬᠤ ᠪᠠᠨ ᠴᠢᠩᠭᠠᠳᠬᠠᠵᠤ᠂ | ᠬᠠᠮᠲᠤᠷᠠᠯᠴᠠᠭᠠᠨ ᠤ ᠬᠦᠷᠢᠶ᠎ᠠ ᠪᠠᠨ ᠥᠷᠭᠡᠳᠭᠡᠵᠦ᠂ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠠ ᠶᠢ | ᠴᠢᠨᠠᠭᠰᠢᠳᠠ ᠤᠷᠲᠤᠳᠬᠠᠬᠤ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠭᠡᠪᠡ᠃ | ᠬᠤᠷᠠᠯ ᠳᠡᠭᠡᠷ᠎ᠡ᠂ ᠠᠶᠢᠮᠠᠭ ᠤᠨ ᠵᠠᠬᠢᠷᠭ᠎ᠠ ᠪᠣᠯᠤᠨ ᠬᠠᠢ ᠳ᠋ᠧ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃ | ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ᠂ ᠬᠥ᠋ ᠯᠢ ᠮᠢᠨ᠂ ᠯᠢᠶᠠᠩ ᠶᠠᠨ ᠵᠢᠶᠦ᠋ᠨ ᠵᠢᠴᠢ ᠠᠶᠢᠮᠠᠭ ᠤᠨ | ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ︵ | ᠵᠠᠩ ᠸᠧᠢ ᠨᠠᠨ︶ |