| ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠠᠴᠠ | ᠠᠩᠭᠢᠵᠢᠷᠠᠭᠰᠠᠨ ᠬᠥᠳᠡᠯᠮᠦᠷᠢ ᠬᠦᠴᠦᠨ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠵᠤ ᠦᠢᠯᠡᠰ | ᠪᠣᠰᠬᠠᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠤᠯᠠᠭᠠᠨᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠬᠢᠩᠭᠠᠨ | ᠠᠶᠢᠮᠠᠭ ᠤᠨ ᠸᠠᠨ ᠳ᠋ᠠ ᠠᠭᠤᠳᠠᠮ ᠲᠠᠯᠠᠪᠠᠶ ᠠᠴᠠ ᠳᠠᠭᠠᠭᠠᠴᠢᠯᠠᠨ ᠡᠷᠭᠢᠯᠡᠵᠦ᠂ ᠤᠯᠠᠭᠠᠨᠬᠤᠲᠠ ᠶᠢᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠵᠢᠯᠴᠠᠨ ᠡᠷᠭᠢᠯᠡᠭᠰᠡᠨ ︽ᠤᠯᠠᠭᠠᠨᠬᠤᠲᠠ · ᠬᠤᠩ ᠶᠠᠨ | ᠠᠵᠢᠯ ᠤᠨ ᠪᠠᠶᠢᠷᠢ ᠬᠦᠷᠭᠡᠬᠦ︾ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ - ᠦᠢᠯᠡᠰ ᠪᠣᠰᠬᠠᠬᠤ ᠲᠥᠷᠥᠯ | ᠵᠦᠢᠯ ᠤᠨ ᠳᠡᠯᠭᠡᠨ ᠦᠵᠡᠭᠦᠯᠵᠦ ᠲᠠᠨᠢᠯᠴᠠᠭᠤᠯᠬᠤ ᠬᠤᠷᠠᠯ ᠬᠢᠩᠭᠠᠨ ᠠᠶᠢᠮᠠᠭ ᠤᠨ ᠸᠠᠨ ᠳ᠋ᠠ ᠠᠭᠤᠳᠠᠮ ᠲᠠᠯᠠᠪᠠᠶ ᠳᠤ | ᠶᠠᠪᠤᠭᠳᠠᠪᠠ᠃ | | | | | ᠠᠵᠢᠯᠯᠠᠭ᠎ᠠ ᠨᠢ ︽ᠲᠤᠬᠠᠢ ᠲᠠᠯᠠᠪᠠᠢ ᠶᠢᠨ ᠦᠵᠡᠭᠦᠯᠭᠡ + ᠰᠦᠯᠵᠢᠶᠡᠨ ᠳᠡᠭᠡᠷᠡᠬᠢ ᠲᠠᠨᠢᠯᠴᠠᠭᠤᠯᠭ᠎ᠠ + | ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ︾ ᠶᠢᠨ ᠰᠢᠨ᠎ᠡ ᠶᠢ ᠡᠭᠦᠳᠦᠭᠰᠡᠨ ᠵᠠᠭᠪᠤᠷ 20 ᠭᠠᠷᠤᠶ | ᠰᠢᠯᠢᠳᠡᠭ ᠦᠢᠯᠡᠰ ᠪᠣᠰᠬᠠᠬᠤ ᠲᠥᠷᠥᠯ ᠵᠦᠢᠯ ᠳᠤ ᠳᠡᠯᠭᠡᠨ ᠦᠵᠡᠭᠦᠯᠵᠦ ᠲᠠᠨᠢᠯᠴᠠᠭᠤᠯᠬᠤ ᠲᠠᠪᠴᠠᠩ ᠬᠠᠩᠭᠠᠵᠤ᠂ | ᠪᠥᠬᠦ ᠬᠤᠲᠠ ᠶᠢᠨ ᠦᠢᠯᠡᠰ ᠪᠣᠰᠬᠠᠬᠤ ᠦᠢᠯᠡᠴᠢᠯᠡᠭᠡᠨ ᠤ ᠦᠷ᠎ᠡ ᠪᠦᠲᠦᠮᠵᠢ ᠶᠢ ᠲᠥᠪᠯᠡᠷᠡᠭᠦᠯᠦᠨ ᠦᠵᠡᠭᠦᠯᠵᠦ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ | 400 ᠭᠠᠷᠤᠶ ᠬᠥᠮᠦᠰ ᠤᠨ ᠠᠩᠬᠠᠷᠤᠯ ᠢ ᠲᠠᠲᠠᠪᠠ᠃ | ᠤᠯᠠᠭᠠᠨᠬᠤᠲᠠ ᠶᠢᠨ ᠣᠯᠠᠨ ᠵᠢᠯ ᠤᠨ ᠲᠤᠷᠰᠢ ᠨᠠᠷᠢᠨ ᠨᠢᠮᠪᠠᠶ ᠬᠥᠭᠵᠢᠭᠦᠯᠦᠭᠰᠡᠨ ᠰᠢᠯᠢᠳᠡᠭ ᠦᠢᠯᠡᠰ | ᠪᠣᠰᠬᠠᠬᠤ ᠲᠥᠷᠥᠯ ᠵᠦᠢᠯ ᠢ ᠬᠤᠷᠠᠮᠳᠤᠭᠤᠯᠵᠤ᠂ ᠪᠥᠰ ᠤᠷᠠᠯᠠᠯ ᠪᠦᠰ ᠳᠡᠷᠡ ᠶᠢᠨ ᠤᠷ᠎ᠠ ᠮᠡᠷᠭᠡᠵᠢᠯ᠂ ᠢᠰᠡᠭᠡᠢ | ᠬᠠᠳᠬᠤᠮᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ᠂ ᠨᠣᠣᠰᠣᠨ ᠤᠲᠠᠰᠤᠨ ᠤ ᠤᠷ᠎ᠠ | ᠮᠡᠷᠭᠡᠵᠢᠯ ᠵᠡᠷᠭᠡ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠵᠡᠭᠦᠯᠭᠡ | ᠪᠠᠶᠢᠬᠤ ᠪᠠᠷ ᠪᠠᠷᠠᠬᠤ ᠦᠭᠡᠢ ᠪᠠᠰᠠ ᠥᠪᠥᠷ ᠮᠣᠩᠭᠤᠯ ᠤᠨ ᠮᠧᠩ ᠳ᠋ᠢ ᠰᠣᠶᠣᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠶᠢᠨ ᠮᠣᠷᠢᠨ ᠬᠤᠭᠤᠷ ᠤᠨ ᠲᠥᠷᠥᠯ ᠵᠦᠢᠯ᠂ ᠯᠦᠩ ᠳ᠋ᠠ ᠱᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ | ᠺᠣᠮᠫᠠᠨᠢ ᠵᠡᠷᠭᠡ ᠣᠨᠴᠠᠯᠢᠭᠲᠤ ᠠᠵᠤ ᠦᠢᠯᠡᠰ ᠤᠨ ᠲᠥᠷᠥᠯ ᠵᠦᠢᠯ ᠤᠨ ᠦᠵᠡᠭᠦᠯᠭᠡ ᠪᠠᠶᠢᠵᠤ᠂ ᠮᠠᠰᠢ ᠣᠯᠠᠨ | ᠬᠤᠲᠠ ᠶᠢᠨ ᠠᠷᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ | | | | | ᠤᠯᠠᠭᠠᠨ ᠭᠤᠤᠯ ᠦᠬᠡᠷ ᠤᠨ ᠪᠣᠷᠴᠠ ᠶᠢᠨ ᠲᠥᠷᠥᠯ ᠵᠦᠢᠯ ᠤᠨ ᠠᠵᠢᠯᠲᠠᠨ ᠸᠠᠩ ᠶᠠ ᠵᠢᠶᠧ᠄ ︽ | ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠤ ᠠᠬᠤᠶᠢᠯᠠᠯ ᠤᠨ ᠬᠥᠭᠵᠢᠯᠲᠡ ᠳᠤ | ᠦᠵᠡᠭᠦᠯᠦᠭᠰᠡᠨ ᠳᠡᠮᠵᠢᠯᠭᠡ ᠶᠢ ᠭᠦᠨᠵᠡᠭᠡᠶ ᠮᠡᠳᠡᠷᠡᠵᠦ ᠪᠠᠶᠢᠨ᠎ᠠ᠂ ᠲᠣᠰ ᠤᠳᠠᠭᠠᠨ ᠤ ᠦᠢᠯᠡᠰ ᠪᠣᠰᠬᠠᠬᠤ ᠲᠥᠷᠥᠯ | ᠵᠦᠢᠯ ᠤᠨ ᠳᠡᠯᠭᠡᠨ ᠦᠵᠡᠭᠦᠯᠵᠦ ᠲᠠᠨᠢᠯᠴᠠᠭᠤᠯᠬᠤ ᠬᠤᠷᠠᠯ ᠳᠤ ᠣᠷᠣᠯᠴᠠᠵᠤ᠂ ᠦᠢᠯᠡᠳᠬᠦᠨ ᠤ ᠠᠯᠳᠠᠷᠰᠢᠯ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠣᠯᠠᠨ ᠲᠠᠢ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ ᠢ | ᠶᠠᠷᠢᠯᠴᠠᠵᠤ᠂ ᠮᠠᠰᠢ ᠣᠯᠠᠨ ᠡᠷᠬᠢᠮ ᠨᠠᠨᠳᠢᠨ ᠲᠤᠷᠰᠢᠯᠭ᠎ᠠ ᠣᠯᠤᠭᠰᠠᠨ ᠪᠠᠶᠢᠨ᠎ᠠ᠂ ᠢᠷᠡᠭᠡᠳᠦᠶ ᠳᠤ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠣᠯᠴᠠᠵᠤ᠂ ᠰᠦᠯᠵᠢᠶᠡᠨ ᠳᠡᠭᠡᠷᠡᠬᠢ | ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠬᠦ ᠰᠠᠨᠠᠭ᠎ᠠ ᠲᠠᠢ ᠪᠠᠶᠢᠨ᠎ᠠ︾ ᠭᠡᠵᠦ ᠢᠯᠡᠳᠬᠡᠪᠡ᠃ | ᠬᠢᠩᠭᠠᠨ ᠠᠶᠢᠮᠠᠭ ᠤᠨ ᠮᠢᠩᠭᠠᠨ ᠡᠯᠧᠺᠲᠷᠣᠨ ᠬᠤᠳᠠᠯᠳᠤᠭ᠎ᠠ ᠪᠣᠢ ᠪᠣᠯᠭᠠᠬᠤ ᠲᠥᠯᠥᠪᠯᠡᠭᠡ ᠶᠢᠨ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠤᠯᠠᠭᠠᠨᠬᠤᠲᠠ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠡᠯᠧᠺᠲᠷᠣᠨ ᠬᠤᠳᠠᠯᠳᠤᠭ᠎ᠠ ᠶᠢ ᠪᠣᠢ ᠪᠣᠯᠭᠠᠬᠤ ᠪᠣᠯᠪᠠᠰᠤᠷᠠᠯ ᠤᠨ ᠰᠠᠭᠤᠷᠢᠨ ᠭᠠᠵᠠᠷ ᠢ | ᠢᠳᠡᠪᠬᠢᠲᠡᠶ ᠪᠠᠶᠢᠭᠤᠯᠵᠤ᠂ ᠲᠣᠰ ᠤᠳᠠᠭᠠᠨ ᠤ ᠠᠵᠢᠯᠯᠠᠭ᠎ᠠ ᠳᠤ 3 ᠬᠥᠮᠦᠨ ᠢ ᠣᠨᠴᠠᠭᠠᠶᠢᠯᠠᠨ ᠤᠷᠢᠵᠤ ᠡᠯᠧᠺᠲᠷᠣᠨ | ᠬᠤᠳᠠᠯᠳᠤᠭᠠᠴᠢᠨ ᠤ ᠪᠣᠯᠪᠠᠰᠤᠷᠠᠯ ᠳᠤ ᠣᠷᠣᠯᠴᠠᠭᠤᠯᠵᠤ᠂ ︽ᠰᠢᠯᠵᠢᠮᠡᠯ ᠰᠢᠭᠤᠳ ᠨᠡᠪᠲᠡᠷᠡᠭᠦᠯᠭᠡ ᠶᠢᠨ ᠲᠠᠰᠤᠭ︾ | ᠪᠠᠶᠢᠭᠤᠯᠵᠤ᠂ ᠲᠦᠷᠬᠡᠨ ᠭᠠᠷ᠂ ᠴᠤᠤᠷᠢᠶ᠎ᠠ ᠲᠠᠪᠴᠠᠩ ᠳᠤ ᠵᠡᠷᠭᠡ ᠪᠠᠷ ᠳᠡᠯᠭᠡᠷᠡᠭᠦᠯᠵᠦ᠂ ᠠᠭᠠᠷ ᠤᠨ ᠡᠨᠧᠷᠭᠢ᠂ ᠡᠯ᠎ᠡ | ᠲᠥᠷᠥᠯ ᠤᠨ ᠮᠠᠰᠢᠨ ᠲᠡᠷᠭᠡᠨ ᠤ ᠬᠡᠷᠡᠭᠰᠡᠯ᠂ ᠷᠠᠰᠢᠶᠠᠨ ᠤ ᠨᠠᠷᠢᠯᠢᠭ ᠨᠡᠷᠡᠭᠰᠡᠨ ᠫᠢᠸᠤ᠋ ᠶᠢᠨ ᠰᠢᠨ᠎ᠡ ᠰᠢᠭᠤᠳ | ᠨᠡᠪᠲᠡᠷᠡᠭᠦᠯᠭᠡ ᠶᠢᠨ ᠲᠠᠩᠰᠠᠨ ᠨᠣᠮᠧᠷ ᠢ ᠪᠡᠶ᠎ᠡ ᠪᠠᠨ ᠳᠠᠭᠠᠭᠠᠵᠤ ᠨᠡᠪᠲᠡᠷᠡᠭᠦᠯᠵᠦ᠂ ᠪᠠᠷᠠᠭ᠎ᠠ ᠬᠤᠳᠠᠯᠳᠤᠵᠤ᠂ | ᠤᠷᠤᠰᠴᠠ ᠪᠠᠷ ᠡᠨᠧᠷᠭᠢ ᠣᠯᠭᠤᠬᠤ ᠶᠢ ᠪᠡᠶᠡᠯᠡᠭᠦᠯᠪᠡ᠃ | | | | | ᠳᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ | ᠬᠥᠮᠦᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠴᠢᠳᠠᠮᠵᠢ ᠨᠢ ᠪᠦᠷᠢᠨ ᠲᠡᠭᠦᠯᠳᠡᠷ | ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ︽ᠮᠢᠩᠭᠠᠨ | ᠡᠯᠧᠺᠲᠷᠣᠨ ᠬᠤᠳᠠᠯᠳᠤᠭ᠎ᠠ︾᠂ ︽ᠤᠷ᠎ᠠ ᠴᠢᠳᠠᠪᠤᠷᠢ ᠪᠠᠷ ᠢᠷᠡᠭᠡᠳᠦᠢ ᠶᠢ ᠭᠡᠷᠡᠯᠳᠦᠭᠦᠯᠬᠦ︾ ᠵᠡᠷᠭᠡ ᠠᠵᠢᠯ | ᠣᠯᠭᠤᠵᠤ ᠦᠢᠯᠡᠰ ᠪᠤᠰᠬᠠᠬᠤ ᠦᠢᠯᠡᠴᠢᠯᠡᠭᠡᠨ ᠤ ᠠᠵᠢᠯ ᠢ ᠢᠳᠡᠪᠬᠢᠲᠡᠢ ᠥᠷᠨᠢᠭᠦᠯᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ |