ᠰᠢᠨ᠎ᠡ ᠬᠤᠲᠠ ᠵᠡᠭᠡᠯᠢ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠲᠦᠯᠦᠪᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
        5 ᠰᠠᠷ᠎ᠠ ᠶᠢᠨ 20 ᠤ ᠡᠳᠦᠷ᠂ ᠰᠢᠨ᠎ᠡ ᠬᠤᠲᠠ ᠵᠡᠭᠡᠯᠢ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠲᠦᠯᠦᠪᠵᠢᠭᠦᠯᠬᠦ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠢᠦᠶ ᠰᠢᠶᠤᠤ ᠮᠢᠩ ᠡᠷᠭᠢᠯᠡᠵᠦ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ᠂ ᠡᠵᠡᠩᠨᠡᠨ ᠬᠠᠮᠢᠶᠠᠷᠬᠤ ᠥᠷᠲᠡᠭᠡ᠂ ᠬᠥᠳᠡᠭᠡ ᠲᠣᠰᠬᠤᠨ ᠤ ᠬᠥᠭᠵᠢᠯᠲᠡ ᠶᠢᠨ ᠠᠯᠪᠠᠨ ᠬᠡᠷ ᠤᠨ ᠬᠠᠮᠢᠶ᠎ᠠ ᠪᠥᠬᠦᠶ ᠠᠵᠢᠯᠲᠠᠨ ᠵᠢᠴᠢ ᠡᠯ᠎ᠡ ᠲᠣᠰᠬᠤᠨ ᠤ ᠱᠦᠵᠢ ᠬᠤᠷᠠᠯ ᠳᠤ ᠣᠷᠣᠯᠴᠠᠵᠠᠶ᠃        ᠬᠤᠷᠠᠯ ᠳᠡᠭᠡᠷ᠎ᠡ᠂ ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠱᠦᠵᠢ ᠢᠦᠶ ᠰᠢᠶᠤᠤ ᠮᠢᠩ ᠬᠤᠲᠠ ᠶᠢᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ ᠪᠥᠬᠦ ᠵᠡᠭᠡᠯᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠨᠠᠷᠢᠨ ᠨᠢᠮᠪᠠᠶ ᠡᠮᠬᠢᠯᠡᠨ ᠳᠢᠭᠯᠡᠬᠦ ᠶᠢᠨ ᠬᠠᠮᠲᠤ ᠨᠠᠷᠢᠯᠢᠭ ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠲᠣᠰᠬᠤᠨ᠂ ᠦᠯᠡᠳᠡᠭᠡᠨ ᠰᠠᠬᠢᠬᠤ ᠭᠠᠵᠠᠷ ᠨᠢ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠠᠵᠤ ᠠᠬᠤᠶ ᠶᠢ ᠭᠤᠤᠯᠳᠠᠯᠭ᠎ᠠ ᠲᠠᠢ ᠬᠥᠭᠵᠢᠭᠦᠯᠬᠦ ᠬᠡᠷᠡᠭᠲᠡᠶ᠂ ᠡᠭᠦᠨ ᠳᠤ ᠬᠡᠷ ᠪᠦᠯᠢ ᠶᠢᠨ ᠵᠢᠵᠢᠭ ᠦᠢᠯᠡᠳᠬᠡᠯ᠂ ᠢᠳᠡᠰᠢᠨ ᠨᠣᠭᠤᠭ᠎ᠠ ᠶᠢᠨ ᠢᠨᠵᠧᠨᠧᠷᠢᠩ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠠᠵᠤ ᠦᠢᠯᠡᠰ ᠤᠨ ᠬᠡᠯᠬᠢᠶ᠎ᠡ ᠶᠢ ᠪᠠᠭᠲᠠᠭᠠᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠠᠴᠠ ᠳᠤᠷᠠᠳᠤᠭᠰᠠᠨ ᠲᠥᠷᠥᠯ ᠵᠦᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠨᠥᠭᠡᠴᠡᠯᠡᠬᠦ ᠵᠡᠷᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃        ᠳᠠᠷᠠᠭᠠᠴᠢ ᠶᠢᠨ ᠠᠯᠬᠤᠮ ᠳᠤ᠂ ᠰᠢᠨ᠎ᠡ ᠬᠤᠲᠠ ᠵᠡᠭᠡᠯᠢ ᠨᠢ ᠲᠤᠰ ᠤᠳᠠᠭᠠᠨ ᠤ ᠬᠤᠷᠠᠯ ᠢᠶᠠᠷ ᠲᠣᠬᠢᠶᠠᠯ ᠪᠣᠯᠭᠠᠨ᠂ ᠬᠠᠷᠠᠯᠲᠠ ᠪᠠᠨ ᠲᠣᠭᠲᠠᠭᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠲᠤᠰ ᠪᠡᠶ᠎ᠡ ᠶᠢᠨ ᠣᠨᠴᠠᠯᠢᠭ ᠲᠠᠢ ᠪᠠᠨ ᠨᠢᠭᠲᠠ ᠤᠶᠠᠯᠳᠤᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠲᠦᠷᠦᠯ ᠵᠦᠢᠯ ᠢ ᠲᠥᠯᠥᠪᠵᠢᠭᠦᠯᠬᠦ ᠪᠣᠯᠤᠨ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠳᠡᠭᠡᠳᠦ ᠬᠡᠮᠵᠢᠶ᠎ᠡ ᠪᠠᠷ ᠨᠡᠶᠢᠴᠡᠭᠦᠯᠬᠦ ᠶᠢ ᠪᠠᠲᠤᠯᠠᠵᠤ᠂ ᠵᠡᠭᠡᠯᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃   
 
ᠢᠷᠡᠯᠲᠡ᠄ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号