| ᠲᠦᠷᠦᠬᠦᠭᠡᠨ᠂ ᠬᠢᠨᠭ᠍ᠭᠠᠨ ᠠᠶᠢᠮᠠᠬ ᠤᠨ ᠰᠤᠶᠤᠯ ᠵᠢᠭᠤᠯᠴᠢᠯᠠᠯ ᠪᠡᠶ᠎ᠠ ᠶᠢᠨ ᠳᠠᠮᠢᠷ ᠤᠨ ᠳᠤᠪᠴᠢᠶ᠎ᠠ ᠶᠢᠨ ᠬᠢᠨ | ᠤᠯᠤᠰ ᠤᠨ ︽ᠵᠢᠭᠤᠯᠴᠢᠯᠠᠯ ᠤᠨ ᠦᠵᠡᠮᠵᠢ ᠶᠢᠨ ᠤᠷᠤᠨ ᠤ ᠴᠢᠨᠠᠷ ᠴᠢᠨᠰᠠᠭ᠎ᠠ ᠵᠡᠷᠭᠡ ᠳᠡᠰ ᠤᠨ ᠬᠠᠮᠢᠶᠠᠷᠤᠯᠳᠠ ᠶᠢᠨ | ᠠᠷᠭ᠎ᠠ︾ ᠪᠠ ︽ᠵᠢᠭᠤᠯᠴᠢᠯᠠᠯ ᠤᠨ ᠦᠵᠡᠮᠵᠢ ᠶᠢᠨ ᠤᠷᠤᠨ ᠤ ᠴᠢᠨᠠᠷ ᠴᠢᠨᠰᠠᠭ᠎ᠠ ᠵᠡᠷᠭᠡ ᠳᠡᠰ ᠶᠢ ᠳᠤᠬᠳᠠᠭᠠᠨ | ᠦᠨᠡᠯᠡᠬᠦ︾ ᠬᠠᠮᠢᠶ᠎ᠠ ᠪᠦᠬᠦᠢ ᠪᠠᠷᠢᠮᠵᠢᠶ᠎ᠠ ᠱᠠᠭᠠᠷᠳᠠᠯᠭ᠎ᠠ ᠪᠠᠷ ᠦᠨᠳᠦᠰᠦᠯᠡᠯ ᠪᠤᠯᠭᠠᠵᠦ᠂ ᠤᠯᠤᠰ ᠤᠨ 2A ᠳᠡᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠢ ᠬᠢᠨᠠᠨ ᠳᠤᠬᠳᠠᠭᠠᠬᠤ ᠠᠵᠢᠯᠯᠠᠭ᠎ᠠ ᠡᠷᠴᠢᠮᠳᠠᠢ ᠶᠠᠪᠤᠬᠳᠠᠵᠦ᠂ ᠴᠠᠬ | ᠳᠤᠬᠠᠢ ᠳᠤᠨᠢ ᠳᠡᠭᠡᠭᠰᠢ ᠳᠠᠪᠰᠢᠬᠦᠯᠤᠨ ᠭᠤᠶᠤᠴᠢᠯᠠᠬᠤ᠂ ᠳᠤᠰᠬᠠᠢ ᠮᠡᠷᠭᠡᠵᠢᠯᠳᠡᠨ ᠵᠠᠯᠠᠵᠦ ᠴᠢᠩᠭ᠎ᠠ ᠬᠢᠨᠠᠵᠦ ᠨᠢᠮᠪᠠᠢ | ᠳᠤᠬᠳᠠᠭᠠᠬᠤ ᠪᠠᠷ ᠳᠠᠮᠵᠢᠨ᠂ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ ᠡᠮ | ᠡᠮᠨᠡᠯᠭᠡ ᠶᠢᠨ ᠮᠦᠽᠧᠢ ᠵᠡᠷᠭᠡ 16 ᠵᠢᠭᠤᠯᠴᠢᠯᠠᠯ ᠤᠨ ᠦᠵᠡᠮᠵᠢ ᠶᠢᠨ ᠤᠷᠤᠨ ᠨᠢ ᠤᠯᠤᠰ ᠤᠨ 2A ᠳᠡᠰ ᠤᠨ | ᠦᠵᠡᠮᠵᠢ ᠶᠢᠨ ᠣᠷᠣᠨ ᠢᠶᠠᠷ ᠨᠡᠷᠡᠶᠢᠳᠦᠭᠳᠡᠭᠰᠡᠨ ᠪᠠᠶᠢᠨ᠎ᠠ᠃ | ᠵᠢᠭᠤᠯᠴᠢᠯᠠᠯ ᠤᠨ ᠦᠵᠡᠮᠵᠢ ᠶᠢᠨ ᠣᠷᠣᠨ ᠪᠤᠯᠭᠠᠬᠤ ᠵᠤᠷᠢᠯᠭ᠎ᠠ ᠪᠠᠷ ᠬᠢᠩᠭᠠᠨ ᠠᠶᠢᠮᠠᠭ ᠤᠨ ᠮᠣᠩᠭᠤᠯ | ᠡᠮᠨᠡᠯᠭᠡ ᠶᠢᠨ ᠬᠤᠷᠢᠶ᠎ᠠ ᠶᠢᠨ ᠮᠣᠩᠭᠤᠯ ᠡᠮ ᠡᠮᠨᠡᠯᠭᠡ ᠶᠢᠨ ᠮᠦᠽᠧᠢ ᠶᠢ ᠤᠯᠠᠭᠠᠨᠬᠤᠲᠠ ᠶᠢᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠳᠠᠨᠢᠯᠴᠠᠭᠤᠯᠤᠨ ᠳᠠᠪᠰᠢᠬᠦᠯᠪᠠ᠃ ᠲᠤᠰᠬᠠᠢ ᠮᠡᠷᠭᠡᠵᠢᠯᠲᠡᠨ ᠤ | ᠳᠤᠭᠤᠶᠢᠯᠠᠩ ᠤᠨ ᠴᠢᠩᠭ᠎ᠠ ᠬᠢᠨᠠᠨ ᠦᠨᠡᠯᠡᠬᠦ ᠶᠢ ᠦᠡᠭᠭᠡᠷᠡᠬᠦᠯᠤᠨ᠂ ᠤᠯᠤᠰ ᠤᠨ 2A ᠳᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠢᠶᠠᠷ ᠵᠢᠩᠬᠢᠨᠢ ᠪᠠᠷ ᠲᠣᠭᠲᠠᠭᠠᠪᠠ᠃ ᠡᠨᠡ ᠨᠢ ᠠᠶᠢᠮᠠᠬ ᠠᠴᠠ ᠮᠣᠩᠭᠤᠯ ᠡᠮ ᠡᠮᠨᠡᠯᠭᠡ ᠶᠢᠨ | ᠮᠦᠽᠧᠢ ᠶᠢᠨ ᠥᠪᠡᠷ ᠤᠨ ᠥᠷᠲᠡᠭ ᠢ ᠳᠡᠭᠡᠳᠦ ᠬᠡᠮᠵᠢᠶ᠎ᠡ ᠪᠠᠷ ᠮᠡᠳᠡᠷᠡᠵᠦ ᠪᠠᠶᠢᠬᠤ ᠪᠠᠷ ᠪᠠᠷᠠᠬᠤ ᠥᠬᠡᠶ᠂ ᠨᠠᠩ ᠴᠤ | ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠦᠢᠯᠡᠰ ᠲᠤ ᠥᠪᠡᠷᠮᠢᠴᠡ ᠣᠨᠴᠠᠯᠢᠭ ᠲᠠᠢ ᠰᠣᠶᠣᠯ ᠤᠨ | ᠨᠡᠷ᠎ᠡ ᠶᠢᠨ ᠬᠠᠭᠤᠳᠠᠰᠤ ᠶᠢ ᠰᠢᠨ᠎ᠡ ᠪᠠᠷ ᠡᠬᠦᠳᠦᠭᠰᠡᠨ ᠢ ᠬᠠᠷᠠᠭᠤᠯᠵᠦ ᠪᠤᠢ᠃ | ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ ᠡᠮ ᠡᠮᠨᠡᠯᠭᠡ ᠶᠢᠨ ᠮᠦᠽᠧᠶ ᠶᠢᠨ | ᠲᠠᠯᠠᠪᠠᠶ ᠨᠢ 603 ᠲᠡᠭᠰᠢ ᠳᠥᠷᠪᠡᠯᠵᠢᠨ ᠮᠧᠲᠷ᠂ ᠭᠤᠷᠪᠠᠨ ᠦᠵᠡᠭᠦᠯᠭᠡ ᠶᠢᠨ ᠲᠢᠩᠬᠢᠮ ᠲᠠᠢ ᠪᠠᠶᠢᠵᠦ᠂ | ᠦᠵᠡᠭᠦᠯᠭᠡ ᠶᠢᠨ ᠪᠣᠳᠠᠰ ᠨᠢ ᠠᠮᠢᠳᠤᠯᠢᠭ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠦᠷᠦᠯ ᠵᠦᠢᠯ ᠨᠢ ᠤᠯᠠᠨ | ᠪᠦᠬᠡᠳ ᠡᠷᠲᠡᠨ ᠤ ᠰᠤᠷᠪᠤᠯᠵᠢ ᠪᠢᠴᠢᠭ 973᠂ ᠪᠠᠭᠠᠵᠢ ᠬᠡᠷᠡᠭᠰᠡᠯ ᠤᠨ ᠲᠥᠷᠥᠯ 463᠂ ᠤᠷᠭᠤᠮᠠᠯ ᠤᠨ ᠵᠠᠭᠪᠤᠷ | 493᠂ ᠬᠥᠮᠦᠨ ᠤ ᠲᠣᠪᠴᠢ ᠲᠠᠨᠢᠯᠴᠠᠭᠤᠯᠭ᠎ᠠ 106 ᠪᠠᠶᠢᠵᠤ᠂ ᠮᠣᠩᠭᠤᠯ ᠡᠮ ᠡᠮᠨᠡᠯᠭᠡ ᠶᠢᠨ ᠰᠣᠶᠣᠯ ᠤᠨ | ᠬᠥᠭᠵᠢᠯᠲᠡ ᠶᠢᠨ ᠶᠠᠪᠤᠴᠠ ᠶᠢ ᠪᠥᠬᠦ ᠲᠠᠯ᠎ᠠ ᠪᠠᠷ᠂ ᠲᠣᠭᠠᠴᠢᠯᠠᠭᠰᠠᠨ᠂ ᠤᠨᠤᠪᠴᠢᠳᠠᠢ᠂ ᠪᠣᠰᠤᠭ᠎ᠠ ᠴᠣᠭᠴᠠᠲᠤ | ᠬᠡᠯᠪᠡᠷᠢ ᠪᠠᠷ ᠳᠠᠬᠢᠨ ᠢᠯᠡᠷᠡᠭᠦᠯᠦᠭᠰᠡᠨ ᠪᠠᠶᠢᠨ᠎ᠠ᠃ | ᠮᠦᠽᠧᠶ ᠨᠡᠭᠡᠭᠡᠭᠰᠡᠨ ᠠᠴᠠ ᠨᠠᠭᠠᠰᠢ᠂ ᠳᠤᠰ ᠮᠦᠽᠧᠶ ᠨᠢ ᠤᠯᠤᠰ ᠤᠨ ᠳᠣᠲᠣᠭᠠᠳᠤ ᠭᠠᠳᠠᠭᠠᠳᠤ ᠶᠢᠨ | ᠮᠠᠰᠢ ᠣᠯᠠᠨ ᠵᠢᠭᠤᠯᠴᠢᠯᠠᠬᠴᠢᠳ ᠪᠣᠯᠤᠨ ᠰᠤᠳᠤᠯᠤᠨ ᠰᠤᠷᠤᠯᠴᠠᠬᠤ ᠪᠦᠯᠬᠦᠮ ᠤᠨ ᠠᠩᠬᠠᠷᠤᠯ ᠢ ᠶᠠᠭᠡᠳᠡ ᠳᠠᠳᠠᠵᠦ᠂ | ᠡ᠊ᠨᠳᠡ ᠬᠦᠮᠦᠰ ᠮᠣᠩᠭᠤᠯ ᠡᠮ ᠡᠮᠨᠡᠯᠭᠡ ᠶᠢᠨ ᠠᠨᠠᠭᠠᠬᠤ ᠤᠬᠠᠭᠠᠨ ᠤ ᠤᠷᠲᠤ ᠬᠤᠭᠤᠴᠠᠭᠠᠨ ᠤ ᠲᠤᠷᠰᠢ ᠡᠪᠡᠳᠴᠢᠨ | ᠡᠮᠭᠡᠭ ᠲᠠᠢ ︽ᠲᠡᠮᠡᠴᠡᠯ︾ ᠶᠠᠪᠤᠭᠤᠯᠤᠭᠰᠠᠨ ᠦᠢᠯᠡᠳᠦᠯᠬᠡ ᠶᠢᠨ ᠳᠤᠮᠳᠠ ᠪᠦᠷᠢᠯᠳᠦᠭᠰᠡᠨ ᠥᠪᠡᠷᠮᠢᠴᠡ ᠣᠨᠣᠯ ᠤᠨ | ᠰᠢᠰᠲ᠋ᠧᠮ᠂ ᠣᠨᠣᠰᠢᠯᠠᠨ ᠡᠮᠴᠢᠯᠡᠬᠦ ᠠᠷᠭ᠎ᠠ ᠪᠣᠯᠤᠨ ᠮᠤᠩᠭᠤᠯ ᠡᠮ ᠤᠨ ᠨᠠᠶᠢᠷᠠᠯᠭ᠎ᠠ ᠶᠢᠨ ᠤᠭ ᠶᠤᠰᠤ ᠢᠢ ᠭᠦᠨ | ᠣᠶᠢᠯᠠᠭᠠᠵᠤ᠂ ᠮᠤᠩᠭᠤᠯ ᠡᠮ ᠡᠮᠨᠡᠯᠭᠡ ᠶᠢᠨ ᠵᠦᠢᠯ ᠢ ᠳᠤᠭᠤᠷᠢᠨ ᠦᠵᠡᠬᠦ ᠪᠠ ᠰᠤᠳᠤᠯᠤᠨ ᠰᠤᠷᠤᠯᠴᠠᠬᠤ ᠤᠷᠤᠨ | ᠪᠤᠯᠤᠬᠰᠠᠨ ᠪᠠᠶᠢᠨ᠎ᠠ᠃ | ᠳᠡᠷᠡᠭᠠᠴᠢ ᠪᠠᠷ᠂ ᠬᠢᠩᠭᠠᠨ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ ᠡᠮ | ᠡᠮᠨᠡᠯᠭᠡ ᠶᠢᠨ ᠮᠦᠽᠧᠢ ᠨᠢ ᠤᠯᠤᠰ ᠤᠨ 2A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ | ᠨᠡᠷᠡᠶᠢᠳᠦᠭᠳᠡᠭᠰᠡᠨ ᠢᠶᠠᠷ ᠠᠵᠠ ᠲᠣᠬᠢᠶᠠᠯ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠮᠣᠩᠭᠤᠯ ᠡᠮ | ᠡᠮᠨᠡᠯᠭᠡ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠨᠡᠩ ᠤᠯᠠᠨ ᠤᠨᠴᠠᠯᠢᠬᠳᠤ ᠰᠣᠶᠣᠯ | ᠵᠢᠭᠤᠯᠴᠢᠯᠠᠯ ᠤᠨ ᠪᠦᠲᠦᠭᠡᠭᠳᠡᠬᠦᠨ ᠪᠣᠯᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ | ᠮᠣᠩᠭᠤᠯ ᠡᠮ ᠡᠮᠨᠡᠯᠭᠡ ᠶᠢᠨ ᠰᠣᠶᠣᠯ ᠪᠣᠯᠤᠨ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ | ᠠᠬᠢᠭᠤᠯᠵᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠨ᠎ᠡ᠃ ︵ᠬᠣ᠋ ᡁᠢ ᠮᠢᠨ︶ | |