| ︵ᠰᠤᠷᠪᠤᠯᠵᠢᠯᠠᠭᠴᠢ ᠲᠤᠯᠭᠠᠭᠤᠷᠢ︶ ᠤᠶᠢᠷ᠎ᠠ ᠶᠢᠨ ᠡᠳᠦᠷ᠂ ᠬᠢᠩᠭᠠᠨ ᠠᠶᠢᠮᠠᠭ ︽ᠬᠥᠬᠡᠮᠳᠦᠭ ᠨᠣᠭᠤᠭᠠᠨ | ᠠᠭᠤᠯᠠ ᠤᠰᠤ ᠪᠠᠨ ᠰᠠᠬᠢᠨ ᠬᠠᠮᠠᠭᠠᠯᠠᠵᠤ · ᠠᠮᠢ ᠠᠬᠤᠶ ᠶᠢᠨ ᠬᠠᠯᠬᠠᠪᠴᠢ ᠶᠢ ᠪᠠᠲᠤ ᠴᠣᠭᠴᠠᠯᠠᠶ᠎ᠠ︾ ᠭᠡᠬᠦ ᠣᠶ | ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ | ᠪᠥᠬᠦ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ ᠲᠤᠭᠳᠠᠭᠠᠯ ᠠᠴᠠ | ᠵᠦᠷᠢᠴᠡᠭᠰᠡᠨ ᠠᠵᠢᠯᠯᠠᠭ᠎ᠠ ᠶᠢ ᠲᠦᠪᠯᠡᠷᠡᠬᠦᠯᠦᠨ ᠴᠡᠭᠴᠡᠯᠡᠨ ᠵᠠᠰᠠᠬᠤ ᠠᠵᠢᠯ ᠢ ᠦᠷᠨᠢᠬᠦᠯᠦᠭᠰᠡᠨ ᠠᠴᠠ ᠨᠠᠭᠠᠰᠢ᠂ | ᠬᠢᠩᠭᠠᠨ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ︽ᠥᠴᠦᠬᠡᠨ ᠴᠦ ᠢᠯᠳᠠᠷ ᠬᠠᠶᠠᠬᠤ ᠦᠭᠡᠶ︾ | ᠣᠪᠣᠷ ᠢᠶᠠᠷ ᠴᠢᠩᠭ᠎ᠠ ᠴᠣᠬᠢᠯᠲᠠ ᠥᠭᠴᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠭᠤᠤᠯ | ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠨ ᠲᠤᠰᠬᠠᠶ ᠲᠣᠭᠲᠠᠴᠠ ᠶᠢ ᠪᠠᠶᠢᠭᠤᠯᠵᠤ᠂ ︽ | ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠬᠦ᠂ ᠬᠤᠰᠢᠭᠤ ᠰᠢᠶᠠᠨ ᠨᠠᠶᠢᠳᠠᠪᠤᠷᠢᠵᠢᠭᠤᠯᠬᠤ᠂ ᠰᠠᠯᠠᠭ᠎ᠠ | ᠮᠥᠴᠢᠷ ᠬᠠᠮᠵᠢᠯᠴᠠᠬᠤ︾ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠠᠶᠢᠭᠤᠯᠵᠤ᠂ 6 ᠬᠤᠰᠢᠭᠤ ᠰᠢᠶᠠᠨ | ᠬᠤᠲᠠ ᠳᠤ ᠣᠶ ᠰᠢᠭᠤᠶ ᠨᠤᠳᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠲᠤᠮᠳᠠ ᠠᠩᠬᠢ ᠪᠠᠶᠢᠭᠤᠯᠪᠠ᠃ | ᠬᠠᠪᠤᠷ ᠤᠨ ᠲᠠᠷᠢᠶᠠᠯᠠᠭ᠎ᠠ᠂ ᠪᠡᠯᠴᠢᠭᠡᠷᠯᠡᠭᠦᠯᠬᠦ ᠶᠢ ᠵᠣᠭᠰᠣᠭᠠᠬᠤ ᠵᠡᠷᠭᠡ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ | ᠴᠢᠩᠭ᠎ᠠ ᠠᠩᠬᠠᠷᠴᠤ᠂ ᠴᠡᠭᠴᠡᠯᠡᠨ ᠵᠠᠰᠠᠭᠰᠠᠨ ᠪᠠ ᠵᠢᠷᠤᠭ ᠲᠣᠯᠪᠤ ᠶᠢ ᠵᠢᠭᠰᠠᠭᠠᠨ ᠪᠠᠶᠢᠴᠠᠭᠠᠭᠰᠠᠨ ᠪᠠᠶᠢᠳᠠᠯ ᠢᠶᠠᠨ | ᠴᠠᠭ ᠲᠤᠬᠠᠶ ᠳᠤᠨᠢ ᠬᠠᠷᠢᠭᠤ ᠲᠤᠰᠬᠠᠪᠠ᠃ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠩᠬᠠᠷᠴᠤ | ᠪᠠᠶᠢᠭ᠎ᠠ ᠠᠮᠢ ᠠᠬᠤᠶ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ 304 ᠬᠦᠷᠢᠶ᠎ᠡ ᠴᠠᠷᠠᠭ᠎ᠠ ᠶᠢᠨ ︽ | ᠪᠠᠶᠢᠴᠠᠭᠠᠨ ᠰᠢᠢᠳᠪᠦᠷᠢᠯᠡᠬᠦ᠂ ᠰᠡᠷᠭᠦᠭᠡᠬᠦ ᠬᠤᠶᠠᠷ ᠢ ᠪᠤᠳᠠᠳᠠᠶᠢᠵᠢᠭᠤᠯᠤᠬᠰᠠᠨ︾ ᠬᠡᠮᠵᠢᠶ᠎ᠡ 82% ᠲᠤ ᠬᠥᠷᠪᠡ᠃ | ᠦᠪᠡᠷᠳᠡᠭᠡᠨ ᠵᠠᠰᠠᠬᠤ ᠤᠷᠤᠨ ᠤ ᠲᠤᠷᠤᠭᠰᠢ ᠪᠠᠭᠤᠯᠭᠠᠭᠰᠠᠨ 8 ᠪᠦᠯᠦᠭ ᠵᠢᠷᠤᠭ ᠲᠣᠯᠪᠤ ᠶᠢᠨ ᠲᠤᠳᠤᠷ᠎ᠠ᠂ ᠮᠠᠨ ᠤ | ᠠᠶᠢᠮᠠᠭ 7 ᠪᠦᠯᠦᠭ 361 ᠬᠤᠪᠢ᠂ 8697.2 ᠮᠤ᠋ ᠳᠤ ᠬᠤᠯᠪᠣᠭᠳᠠᠵᠤ᠂ ᠪᠦᠬᠦᠨ ᠢ ᠬᠠᠷᠭᠤᠭᠤᠯᠤᠨ | ᠪᠠᠶᠢᠴᠠᠭᠠᠵᠤ ᠳᠠᠭᠤᠰᠬᠠᠭᠠᠳ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠢᠷᠤᠭ ᠲᠤᠯᠪᠤ ᠶᠢ 152 ᠬᠤᠪᠢ᠂ | 1471.59 ᠮᠥ ᠢᠯᠡᠷᠡᠬᠦᠯᠵᠦ᠂ ︽ᠪᠠᠶᠢᠴᠠᠭᠠᠨ ᠰᠢᠢᠳᠪᠦᠷᠢᠯᠡᠬᠦ ᠶᠢ ᠪᠣᠳᠠᠲᠠᠶᠢᠵᠢᠭᠤᠯᠬᠤ᠂ ᠰᠡᠷᠭᠦᠭᠡᠬᠦ ᠶᠢ | ᠪᠣᠳᠠᠲᠠᠶᠢᠵᠢᠭᠤᠯᠬᠤ︾ ᠪᠠᠷᠢᠮᠵᠢᠶ᠎ᠠ ᠶᠣᠰᠣᠭᠠᠷ᠂ 64 ᠬᠤᠪᠢ ᠶᠢ ᠨᠢ ᠲᠡᠷᠡ ᠳᠠᠷᠤᠶ ᠳᠤᠨᠢ ᠴᠡᠭᠴᠡᠯᠡᠨ | ᠰᠠᠶᠢᠵᠢᠷᠠᠭᠤᠯᠵᠠᠢ᠃ ᠨᠡᠶᠢᠲᠡᠯᠢᠭ ᠠᠰᠠᠭᠤᠳᠠᠯ ᠢ ᠴᠢᠩᠭ᠎ᠠ ᠠᠩᠬᠠᠷᠴᠤ ᠰᠦᠪᠡᠭᠴᠢ ᠶᠢ ᠭᠦᠨ ᠠᠭᠤᠳᠠᠯᠵᠤ᠂ | ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ | ᠰᠢᠳᠭᠡᠬᠦ ᠶᠢᠨ ᠬᠠᠮᠲᠤ ᠠᠮᠢ ᠠᠬᠤᠶ ᠶᠢ ᠰᠡᠷᠭᠦᠭᠡᠪᠡ᠃ ︽ᠬᠢᠨᠠᠨ ᠬᠠᠮᠢᠶᠠᠷᠬᠤ + ᠤᠬᠠᠭᠤᠯᠭ᠎ᠠ︾ ᠶᠢᠨ ᠬᠠᠮ ᠠᠷᠭ᠎ᠠ | ᠬᠡᠮᠵᠢᠶ᠎ᠡ ᠠᠪᠴᠤ᠂ ᠡᠯ᠎ᠡ ᠭᠠᠵᠠᠷ ᠤᠨ ᠬᠢᠨ ᠬᠢᠩᠭᠠᠨ ᠠᠶᠢᠮᠠᠭ ᠤᠨ ᠤᠢ ᠰᠢᠭᠤᠢ ᠨᠤᠳᠤᠭ ᠪᠡᠯᠴᠢᠭᠡᠷ ᠢ ᠡᠪᠳᠡᠵᠦ | ᠰᠦᠢᠳᠭᠡᠬᠦ ᠶᠢ ᠬᠢᠨᠠᠯᠳᠠ ᠲᠠᠯᠪᠢᠬᠤ ᠲᠠᠪᠴᠠᠩ ᠳᠤ ᠲᠦᠰᠢᠭᠯᠡᠵᠦ᠂ ᠨᠡᠶᠢᠳᠡ 8000 ᠭᠠᠷᠤᠢ ᠬᠥᠮᠦᠨ ᠤᠳᠠᠭ᠎ᠠ᠂ | ᠮᠠᠰᠢᠨ ᠲᠡᠷᠭᠡ ᠶᠢ 2000 ᠭᠠᠷᠤᠢ ᠤᠳᠠᠭ᠎ᠠ ᠬᠥᠳᠡᠯᠭᠡᠵᠦ᠂ ᠳᠠᠷᠠᠭᠠᠯᠠᠨ ᠪᠠᠶᠢᠴᠠᠭᠠᠬᠤ ᠠᠵᠢᠯ ᠳᠤ ᠥᠨᠴᠥᠭ | ᠪᠤᠯᠤᠩ ᠦᠯᠡᠳᠡᠭᠡᠬᠦ ᠦᠬᠡᠢ᠂ ᠬᠠᠰᠢ ᠶᠠᠰᠢ ᠪᠠᠷ ᠥᠩᠭᠡᠷᠡᠭᠦᠯᠬᠦ ᠦᠬᠡᠢ ᠪᠠᠶᠢᠬᠤ ᠶᠢ ᠪᠠᠲᠤᠯᠠᠵᠠᠢ᠃ ᠠᠶᠢᠮᠠᠭ | ᠬᠤᠰᠢᠭᠤ ᠬᠤᠶᠠᠷ ᠱᠠᠲᠤᠨ ᠤ ᠬᠠᠮ ᠵᠠᠭᠤᠴᠢᠯᠠᠭᠤᠷ ᠲᠠᠢ ᠬᠤᠯᠪᠣᠭᠠᠯᠠᠨ ᠥᠷᠭᠡᠨ ᠢᠶᠠᠷ ᠤᠬᠠᠭᠤᠯᠤᠨ ᠬᠥᠲᠥᠯᠦᠨ | ᠵᠢᠯᠣᠭᠤᠳᠴᠤ᠂ ᠨᠡᠶᠢᠲᠡᠯᠢᠭ ᠬᠡᠷᠡᠭ ᠢ ᠢᠯᠡ ᠪᠠᠷ ᠢᠯᠡᠴᠢᠯᠡᠵᠦ᠂ ᠨᠡᠶᠢᠭᠡᠮ ᠳᠠᠶᠠᠭᠠᠷ ᠢ ᠰᠡᠷᠡᠮᠵᠢᠯᠡᠭᠦᠯᠦᠨ | ᠬᠥᠮᠦᠵᠢᠭᠦᠯᠵᠦ᠂ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠦᠢᠯᠡ ᠠᠵᠢᠯᠯᠠᠭ᠎ᠠ ᠳᠤ | ᠰᠡᠷᠡᠮᠵᠢ ᠶᠢᠨ ᠳᠣᠬᠢᠶ᠎ᠠ ᠶᠢ ᠳᠤᠤᠭᠠᠷᠭᠠᠵᠤ᠂ ︽ᠡᠪᠳᠡᠵᠦ ᠰᠦᠢᠳᠭᠡᠬᠦ ᠦᠭᠡᠢ᠂ ᠡᠪᠳᠡᠵᠦ ᠰᠦᠢᠳᠭᠡᠵᠦ ᠪᠤᠯᠬᠤ | ᠦᠭᠡᠢ᠂ ᠡᠪᠳᠡᠵᠦ ᠰᠦᠢᠳᠭᠡᠬᠦ ᠭᠡᠵᠦ ᠪᠤᠳᠤᠬᠤ ᠦᠭᠡᠢ︾ ᠬᠠᠮᠲᠤ ᠶᠢᠨ ᠲᠠᠨᠢᠯᠲᠠ ᠶᠢ ᠪᠣᠶ ᠪᠤᠯᠭᠠᠵᠠᠢ᠃ | | |