| ᠤᠶᠢᠷ᠎ᠠ ᠶᠢᠨ ᠡᠳᠦᠷ᠂ ᠪᠡᠭᠡᠵᠢᠩ ᠬᠤᠳᠠ ᠳᠤ ᠶᠠᠪᠤᠭᠳᠠᠭᠰᠠᠨ ᠬᠢᠩᠭᠠᠨ ᠠᠶᠢᠮᠠᠭ ᠤᠨ ︽ᠬᠤᠶᠠᠷ ᠤᠷᠤᠨ | ᠨᠢᠭᠡ ᠴᠤᠩᠬᠤᠪᠴᠢ︾ ᠶᠢᠨ ᠪᠦᠳᠦᠭᠡᠨ ᠪᠠᠶᠢᠭᠤᠯᠤᠯᠳᠠ ᠶᠢᠨ ᠠᠮᠵᠢᠯᠳᠠ ᠪᠦᠳᠦᠮᠵᠢ ᠶᠢ ᠲᠡᠯᠭᠡᠨ ᠦᠵᠡᠬᠦᠯᠵᠦ | ᠰᠤᠯᠢᠯᠴᠠᠬᠤ ᠠᠵᠢᠯᠯᠠᠭ᠎ᠠ ᠶᠢᠨ ᠲᠤᠮᠳᠠ᠂ ᠬᠢᠩᠭᠠᠨ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭᠠᠳᠦ | ᠬᠤᠷᠠᠯ ᠪᠤᠯᠤᠨ ᠴᠢᠨ ᠬᠤᠸᠠᠩ ᠳ᠋ᠤᠤ ᠶᠢᠨ ᠬᠤᠸᠠ ᠳ᠋ᠢᠶᠠᠨ ᠪᠦᠯᠦᠭᠯᠡᠯ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠳᠦ ᠺᠤᠮᠫᠠᠨᠢ᠂ ᠪᠡᠭᠡᠵᠢᠩ ᠤᠨ ᠺᠧ ᠬᠤᠤ ᠸᠧᠢ ᠶᠧ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ ᠪᠡᠭᠡᠵᠢᠩ ᠬᠤᠲᠠ ᠶᠢᠨ | ᠾᠦᠢ ᡁᠢ ᠶᠢᠨ ᠢᠦᠶ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ | ᠭᠤᠷᠪᠠᠨ ᠠᠵᠦ ᠠᠬᠤᠶᠢᠯᠠᠯ ᠲᠠᠢ ᠨᠡᠶᠢᠳᠡ 3.1 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢᠨ | ᠬᠠᠮᠳᠤᠷᠠᠯᠴᠠᠭᠠᠨ ᠤ ᠵᠦᠪᠯᠡᠯᠴᠡᠭᠡᠷ ᠲᠤᠭᠳᠠᠪᠠ᠃ ᠡᠨᠡ ᠨᠢ ᠬᠢᠩᠭᠠᠨ ᠠᠶᠢᠮᠠᠭ ᠤᠨ ᠬᠤᠯᠪᠤᠭᠳᠠᠯ ᠪᠦᠬᠦᠢ ᠠᠵᠦ | ᠦᠢᠯᠡᠰ ᠤᠨ ᠬᠦᠭᠵᠢᠯᠳᠡ ᠳᠤ ᠬᠦᠴᠦᠷᠭᠡᠭ ᠶᠡᠭᠡ ᠬᠦᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ | ᠡᠭᠦᠨ ᠳᠤ᠂ ᠪᠡᠭᠡᠵᠢᠩ ᠬᠤᠲᠠ ᠶᠢᠨ ᠾᠦᠢ ᡁᠢ ᠶᠢᠨ ᠢᠦᠶ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠷᠠᠰᠢᠶᠠᠨ ᠤ ᠥᠪᠡᠷᠮᠢᠴᠡ ᠠᠭᠤᠷ ᠠᠮᠢᠰᠬᠤᠯ ᠤᠨ ᠳᠠᠪᠠᠭᠤᠯᠢᠭ ᠲᠤ | ᠠᠩᠬᠠᠷᠤᠯ ᠢᠶᠠᠨ ᠲᠦᠪᠯᠡᠷᠡᠬᠦᠯᠵᠦ᠂ ᠬᠤᠶᠠᠷ ᠬᠤᠭᠤᠴᠠᠭ᠎ᠠ ᠬᠤᠪᠢᠶᠠᠨ 6000 ᠲᠦᠮᠡᠨ ᠲᠥᠭᠦᠷᠢᠭ ᠤᠨ ᠪᠡᠯᠡ | ᠣᠷᠣᠭᠤᠯᠤᠨ᠂ ᠵᠤᠨ ᠤ ᠤᠯᠠᠷᠢᠯ ᠤᠨ ᠬᠦᠵᠡᠯᠵᠡᠭᠡᠨ᠎ᠡ ᠲᠠᠷᠢᠬᠤ ᠦᠢᠯᠡᠰ ᠢ ᠬᠦᠭᠵᠢᠬᠦᠯᠬᠦ ᠪᠤᠯᠤᠨ᠎ᠠ᠃ ︽ᠷᠠᠰᠢᠶᠠᠨ | ᠬᠤᠲᠠ ᠶᠢᠨ ᠠᠭᠤᠷ ᠠᠮᠢᠰᠬᠤᠯ ᠨᠡᠯᠢᠶᠡᠳ ᠰᠡᠷᠢᠭᠦᠨ ᠪᠠᠶᠢᠳᠠᠭ᠂ ᠡᠶᠢᠮᠦᠷᠬᠦ ᠥᠪᠡᠷᠮᠢᠴᠡ ᠪᠠᠶᠢᠭᠠᠯᠢ ᠶᠢᠨ | ᠨᠥᠬᠦᠴᠡᠯ ᠨᠢ ᠵᠣᠨ ᠤ ᠤᠯᠠᠷᠢᠯ ᠤᠨ ᠭᠦᠵᠡᠯᠵᠡᠭᠡᠨ᠎ᠡ ᠶᠢ ᠳᠠᠷᠢᠬᠤ ᠳᠤ ᠮᠠᠰᠢ ᠲᠣᠬᠢᠷᠠᠮᠵᠢᠲᠠᠶ ᠪᠠᠶᠢᠳᠠᠭ᠂ ᠬᠡᠷᠪᠡ | ᠳᠠᠷᠢᠵᠤ ᠳᠡᠶᠢᠯᠪᠡᠯ ᠤᠯᠤᠰ ᠤᠨ ᠳᠣᠲᠣᠭᠠᠳᠤ ᠶᠢᠨ ᠵᠣᠨ ᠤ ᠤᠯᠠᠷᠢᠯ ᠤᠨ ᠭᠦᠵᠡᠯᠵᠡᠭᠡᠨ᠎ᠡ ᠶᠢᠨ ᠵᠠᠬ᠎ᠠ ᠳᠡᠯᠭᠡᠭᠦᠷ ᠤᠨ | ᠬᠤᠭᠤᠰᠣᠨ ᠢ ᠨᠥᠬᠦᠪᠥᠷᠢᠯᠡᠬᠦ ᠪᠣᠯᠤᠨ᠎ᠠ︾ ᠭᠡᠵᠦ ᠲᠤᠰ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠦᠩ | ᠵᠧᠩ ᠲᠠᠨᠢᠯᠴᠠᠭᠤᠯᠤᠨ ᠬᠡᠯᠡᠨ᠎ᠡ᠃ | ᠲᠣᠰ ᠤᠳᠠᠭᠠᠨ ᠤ ᠵᠦᠪᠯᠡᠯᠴᠡᠭᠡᠷ ᠲᠣᠭᠲᠠᠭᠰᠠᠨ ᠲᠥᠷᠥᠯ ᠵᠦᠢᠯ ᠨᠢ ᠬᠢᠩᠭᠠᠨ ᠠᠶᠢᠮᠠᠭ ᠤᠨ | ᠭᠤᠤᠯᠳᠠᠯᠭ᠎ᠠ ᠲᠠᠢ ᠠᠵᠦ ᠦᠢᠯᠡᠰ ᠤᠨ ᠬᠥᠭᠵᠢᠯᠲᠡ ᠶᠢᠨ ᠬᠦᠷᠢᠶ᠎ᠡ ᠴᠠᠷᠠᠭ᠎ᠠ ᠲᠠᠢ ᠨᠢᠭᠲᠠ ᠨᠡᠶᠢᠴᠡᠵᠦ᠂ ᠬᠡᠷ | ᠪᠠᠶᠢᠰᠢᠩ ᠭᠠᠵᠠᠷ ᠬᠥᠷᠥᠩᠭᠡ ᠶᠢ ᠨᠡᠭᠡᠭᠡᠨ ᠬᠥᠭᠵᠢᠭᠦᠯᠬᠦ᠂ ᠣᠶᠤᠨᠴᠢ ᠪᠠᠷ ᠢᠯᠴᠢ ᠬᠠᠩᠭᠠᠬᠤ ᠵᠢᠴᠢ ᠤᠨᠴᠠᠯᠢᠬᠳᠤ | ᠲᠠᠷᠢᠶᠠᠯᠠᠩ ᠵᠡᠷᠭᠡ ᠤᠯᠠᠨ ᠲᠠᠯ᠎ᠠ ᠶᠢ ᠬᠠᠮᠤᠷᠠᠭᠰᠠᠨ ᠪᠠᠶᠢᠨ᠎ᠠ᠃ ᠡᠳᠡᠭᠡᠷ ᠬᠠᠮᠲᠤᠷᠠᠯᠴᠠᠭᠠᠨ ᠤ ᠲᠦᠷᠦᠯ ᠵᠦᠢᠯ ᠢ | ᠪᠣᠳᠠᠲᠠᠢ ᠨᠠᠶᠢᠳᠠᠪᠤᠷᠢᠵᠢᠭᠤᠯᠬᠤ ᠨᠢ ᠬᠢᠩᠭᠠᠨ ᠠᠶᠢᠮᠠᠭ ᠤᠨ ᠤᠳᠤᠬᠢ ᠠᠵᠦ ᠦᠢᠯᠡᠰ ᠤᠨ ᠪᠦᠳᠦᠴᠡ ᠶᠢ | ᠰᠢᠯᠢᠳᠡᠭᠵᠢᠬᠦᠯᠵᠦ᠂ ᠪᠤᠬᠢᠷᠳᠤᠯ ᠦᠭᠡᠢ ᠬᠦᠭᠵᠢᠯᠳᠡ ᠶᠢ ᠶᠡᠭᠡᠪᠡᠷ ᠠᠬᠢᠭᠤᠯᠬᠤ ᠳᠤ ᠠᠰᠢᠬᠳᠡᠢ ᠪᠠᠷ ᠪᠠᠷᠠᠬᠤ ᠦᠭᠡᠢ᠂ | ᠨᠡᠩ ᠴᠤ ︽ᠬᠤᠶᠠᠷ ᠣᠷᠣᠨ ᠨᠢᠭᠡ ᠴᠤᠩᠬᠤᠪᠴᠢ︾ ᠶᠢᠨ ᠪᠦᠳᠦᠭᠡᠨ ᠪᠠᠶᠢᠭᠤᠯᠤᠯᠲᠠ ᠳᠤ ᠪᠠᠲᠤ ᠴᠢᠩᠭ᠎ᠠ | ᠲᠤᠯᠭᠠᠭᠤᠷᠢᠯᠠᠯ ᠬᠠᠩᠭᠠᠬᠤ ᠪᠤᠯᠤᠨ᠎ᠠ᠃ ︵ᠸᠧᠢ ᠯᠢᠩ ᠯᠠᠨ ᠳᠤᠯᠭᠠᠭᠤᠷᠢ︶ | | | | | |