ᠭᠤᠷᠪᠠᠨ ᠲᠤᠬᠤᠢ ᠬᠢᠴᠢᠶᠡᠯ ᠤᠨ ᠲᠠᠶᠢᠰᠠᠨ ᠳᠤ ᠡᠷᠬᠦᠭᠰᠡᠨ ᠬᠠᠶᠢᠷ᠎ᠠ
ᠨᠡᠶᠢᠲᠡᠯᠡᠭᠰᠡᠨ ᠴᠠᠭ᠄
2025/5/27
        ᠡᠨᠡ ᠵᠢᠯ 52 ᠲᠠᠢ ᠱᠤᠸᠠᠩ ᠵᠦ ᠪᠤᠯ ᠬᠢᠩᠭᠠᠨ ᠠᠶᠢᠮᠠᠭ ᠤᠨ ᠤᠯᠠᠭᠠᠨᠬᠤᠳᠠ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠶᠢᠨ ᠲᠤᠭ᠎ᠠ ᠬᠢᠮᠢ ᠹᠢᠽᠢᠺ ᠠᠮᠢᠳᠤ ᠪᠤᠳᠠᠰ ᠤᠨ ᠰᠢᠨᠵᠢᠯᠡᠬᠡᠨ ᠤ ᠨᠠᠷᠠᠳᠤ ᠪᠠᠭᠰᠢ ᠶᠢᠨ ᠠᠵᠢᠯᠯᠠᠬᠤ ᠦᠷᠦᠬᠡ ᠶᠢᠨ ᠡᠷᠬᠢᠯᠡᠭᠴᠢ ᠪᠠᠭᠰᠢ ᠪᠤᠯᠤᠨ᠎ᠠ᠃       ᠲᠡᠷᠡ᠂ 1996 ᠤᠨ ᠳᠤ ᠦᠪᠦᠷ ᠮᠤᠩᠭᠤᠯ ᠤᠨ ᠦᠨᠳᠦᠰᠦᠳᠡᠨ ᠤ ᠶᠡᠭᠡ ᠰᠤᠷᠭᠠᠭᠤᠯᠢ ᠶᠢᠨ ᠹᠢᠽᠢᠺ ᠤᠨ ᠰᠠᠯᠪᠦᠷᠢ ᠠᠴᠠ ᠲᠡᠬᠦᠰᠴᠦ᠂ ᠬᠢᠩᠭᠠᠨ ᠠᠶᠢᠮᠠᠭ ᠤᠨ ᠤᠯᠠᠭᠠᠨᠬᠤᠳᠠ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠳᠤ ᠹᠢᠽᠢᠺ ᠤᠨ ᠪᠠᠭᠰᠢ ᠪᠠᠷ ᠠᠵᠢᠯᠯᠠᠭᠰᠠᠨ ᠠᠴᠠ ᠨᠠᠭᠠᠰᠢ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠦ᠂ ᠶᠡᠷᠤ ᠨᠢ ᠶᠠᠳᠠᠷᠠᠵᠦ ᠵᠦᠳᠡᠷᠡᠬᠦ ᠠᠴᠠ ᠬᠠᠯᠠᠰᠢᠷᠠᠬᠤ ᠦᠬᠡᠢ᠂ ᠰᠤᠷᠴᠦ ᠰᠤᠳᠤᠯᠬᠤ ᠠᠴᠠ ᠤᠬᠤᠷᠢᠬᠤ ᠦᠬᠡᠢ᠂ ᠰᠤᠷᠤᠭᠴᠢ ᠬᠦᠮᠦᠵᠢᠬᠦᠯᠬᠦ ᠠᠴᠠ ᠰᠢᠨᠳᠠᠷᠠᠬᠤ ᠦᠬᠡᠢ᠂ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠨᠢᠬᠡᠳᠦᠬᠡᠷ ᠹᠷᠤᠨᠲ ᠲᠤ ᠭᠠᠪᠰᠢᠭᠠᠶᠢᠯᠠᠭᠰᠠᠭᠠᠷ ᠢᠷᠡᠭᠰᠡᠨ ᠨᠢ ᠪᠦᠬᠦ ᠰᠤᠷᠭᠠᠭᠤᠯᠢ ᠶᠢᠨ ᠪᠠᠭᠰᠢ ᠰᠤᠷᠤᠭᠴᠢ ᠶᠢ ᠨᠦᠯᠦᠬᠡᠯᠡᠨ ᠳᠠᠶᠢᠴᠢᠯᠠᠵᠤ᠂ ᠰᠤᠷᠭᠠᠭᠤᠯᠢ ᠶᠢᠨ ᠲᠠᠯ᠎ᠠ ᠶᠢᠨ ᠬᠦᠢᠴᠠᠳ ᠨᠤᠳᠠᠯᠠᠯᠳᠠ ᠶᠢ ᠤᠯᠵᠦ ᠪᠠᠶᠢᠨ᠎ᠠ᠃       ᠬᠢᠩᠭᠠᠨ ᠠᠶᠢᠮᠠᠭ ᠤᠨ ᠤᠯᠠᠭᠠᠨᠬᠤᠳᠠ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠶᠢᠨ ᠨᠠᠮ ᠤᠨ ᠡᠬᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠪᠤᠤ ᠰᠢᠤ ᠮᠸᠢ᠄ ︽ᠱᠤᠸᠠᠩ ᠵᠤ᠋ ᠪᠠᠭᠰᠢ᠂ 5 ᠵᠢᠯ ᠲᠠᠷᠠᠭᠠᠯᠠᠨ ᠰᠤᠷᠭᠠᠭᠤᠯᠢ ᠶᠢᠨ ᠲᠡᠰ ᠤᠨ ᠰᠢᠯᠢᠳᠡᠭ ᠨᠠᠮ ᠤᠨ ᠬᠡᠰᠢᠬᠦᠨ᠂ 8 ᠵᠢᠯ ᠲᠠᠷᠠᠭᠠᠯᠠᠨ ᠰᠤᠷᠭᠠᠭᠤᠯᠢ ᠶᠢᠨ ᠲᠡᠰ ᠤᠨ ᠰᠢᠯᠢᠳᠡᠭ ᠪᠠᠭᠰᠢ ᠪᠠᠷ ᠰᠤᠩᠭᠤᠭᠳᠠᠵᠦ᠂ ᠠᠶᠢᠮᠠᠭ ᠤᠨ ᠲᠡᠰ ᠤᠨ ᠰᠢᠯᠢᠳᠡᠭ ᠨᠠᠮ ᠤᠨ ᠬᠡᠰᠢᠬᠦᠨ᠂ ᠠᠶᠢᠮᠠᠭ ᠤᠨ ᠲᠡᠰ ᠤᠨ ᠰᠢᠯᠢᠳᠡᠭ ᠪᠠᠭᠰᠢ ᠪᠠᠷ ᠲᠤᠰ ᠲᠤᠰ ᠬᠦᠬᠢᠬᠦᠯᠦᠭᠳᠡᠨ ᠱᠠᠩᠨᠠᠭᠳᠠᠪᠠ᠃ ᠲᠡᠬᠦᠨ ᠤ ᠵᠢᠭᠠᠵᠦ ᠪᠠᠶᠢᠭ᠎ᠠ ᠹᠢᠽᠢᠺ ᠤᠨ ᠰᠢᠨᠵᠢᠯᠡᠬᠡᠨ ᠤ ᠬᠢᠴᠢᠶᠡᠯ ᠪᠠ ᠲᠤᠷᠰᠢᠯᠳᠠ ᠨᠢ ᠲᠦᠷᠪᠡᠳᠦᠬᠡᠷ ᠬᠤᠭᠤᠴᠠᠭ᠎ᠠ ᠶᠢᠨ ᠬᠢᠩᠭᠠᠨ ᠠᠶᠢᠮᠠᠭ ᠤᠨ ︿ᠴᠢᠳᠠᠪᠤᠷᠢᠳᠡᠨ ᠢ ᠬᠦᠮᠦᠵᠢᠬᠦᠯᠬᠦ ᠬᠤᠨᠳᠠᠭᠠᠳᠤ﹀ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠬᠠᠮᠢᠶᠠᠷᠤᠯᠳᠠ ᠶᠢ ᠶᠡᠷᠦᠩᠬᠡᠶᠢᠯᠡᠨ ᠵᠢᠱᠢᠨ ᠦᠨᠡᠯᠡᠬᠦ ᠦᠨᠡᠯᠡᠯᠳᠡ ᠳᠤ ᠰᠢᠯᠢᠳᠡᠭ ᠬᠢᠷᠢ ᠪᠦᠳᠦᠮᠵᠢ ᠪᠠᠷ ᠲᠡᠷᠢᠬᠦᠯᠡᠪᠡ︾ ᠬᠡᠵᠦ ᠰᠤᠷᠪᠤᠯᠵᠢᠯᠠᠭᠴᠢ ᠳᠤ ᠲᠠᠨᠢᠯᠴᠠᠭᠤᠯᠤᠨ ᠶᠠᠷᠢᠵᠦ ᠪᠠᠶᠢᠯ᠎ᠠ᠃2016 ᠤᠨ ᠳᠤ᠂ ᠱᠤᠸᠠᠩ ᠵᠤ᠋ ᠲᠤᠰ ᠰᠤᠷᠭᠠᠭᠤᠯᠢ ᠶᠢᠨ ᠢᠶᠠᠨ ᠲᠤᠭ᠎ᠠ ᠬᠢᠮᠢ ᠹᠢᠽᠢᠺ ᠠᠮᠢᠳᠤ ᠪᠤᠳᠠᠰ ᠤᠨ ᠰᠢᠨᠵᠢᠯᠡᠬᠡᠨ ᠤ ᠨᠠᠷᠠᠳᠤ ᠪᠠᠭᠰᠢ ᠶᠢᠨ ᠠᠵᠢᠯᠯᠠᠬᠤ ᠦᠷᠦᠬᠡ ᠶᠢᠨ ᠡᠷᠬᠢᠯᠡᠭᠴᠢ ᠪᠠᠷ ᠠᠵᠢᠯᠯᠭ᠍ᠰᠠᠨ ᠠᠴᠠ ᠨᠠᠭᠠᠰᠢ ᠲᠡᠬᠦᠨ ᠤ ᠰᠢᠨ᠎ᠡ ᠪᠠᠷ ᠪᠢᠴᠢᠭᠰᠡᠨ ᠰᠤᠳᠤᠯᠭᠠᠨ ᠤ ᠦᠬᠦᠯᠡᠯ᠂ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠲᠦᠰᠦᠪ ᠤᠨ ᠲᠦᠰᠤᠯ ᠪᠠ ᠲᠡᠬᠦᠨ ᠤ ᠲᠠᠭᠠᠭᠠᠴᠢᠯᠠᠨ ᠡᠷᠬᠢᠯᠡᠵᠦ ᠪᠠᠶᠢᠭ᠎ᠠ ᠰᠤᠳᠤᠯᠭᠠᠨ ᠤ ᠰᠡᠳᠤᠪ ᠨᠢ ᠦᠪᠡᠷᠳᠡᠭᠡᠨ ᠵᠠᠰᠠᠬᠤ ᠤᠷᠤᠨ ᠤ ᠲᠡᠰ ᠤᠨ ᠰᠢᠯᠢᠳᠡᠭ ᠦᠬᠦᠯᠡᠯ᠂ ᠰᠢᠯᠢᠳᠡᠭ ᠲᠦᠰᠦᠯ ᠪᠠ ᠰᠢᠯᠢᠳᠡᠭ ᠰᠡᠳᠤᠪ ᠢᠶᠠᠷ ᠦᠨᠡᠯᠡᠭᠳᠡᠵᠦ᠂ ᠠᠶᠢᠮᠠᠭ ᠤᠨ ᠲᠤᠳᠤᠨ᠎ᠠ ᠭᠠᠳᠠᠨ᠎ᠠ ᠶᠢᠨ ᠹᠢᠽᠢᠺ ᠤᠨ ᠰᠢᠨᠵᠢᠯᠡᠬᠡᠨ ᠤ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠬᠦᠷᠢᠶᠡᠨ ᠳᠠᠬᠢ ᠠᠬᠠᠮᠠᠳ ᠦᠶ᠎ᠡ ᠶᠢᠨ ᠪᠠᠭᠰᠢ ᠨᠡᠷ ᠤᠨ ᠰᠠᠶᠢᠨ ᠦᠨᠡᠯᠡᠯᠳᠡ ᠶᠢ ᠬᠦᠷᠳᠡᠭᠰᠡᠨ ᠪᠠᠶᠢᠨ᠎ᠠ᠃ ᠤᠷᠤᠭᠰᠢᠯᠠᠯᠳᠠ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号