| 5 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 115 ᠳ᠋ᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠢ ᠡᠷᠭᠢᠯᠡᠵᠦ | ᠶᠠᠷᠢᠶ᠎ᠠ ᠲᠠᠯᠪᠢᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠦᠬᠦᠢ ᠬᠤᠷᠠᠯ ᠤᠨ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠤᠯᠠᠭᠠᠨᠬᠤᠲᠠ ᠶᠢᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠡᠷᠡᠭ ᠵᠥᠪᠯᠡᠬᠦ ᠰᠢᠢᠳᠪᠦᠷᠢᠲᠦ | ᠪᠤᠳᠤᠯᠭ᠎ᠠ ᠶᠢᠨ ᠳᠦᠷᠢᠮ︾᠂ ︽ᠤᠯᠠᠭᠠᠨᠬᠤᠲᠠ ᠶᠢᠨ 2025 ᠣᠨ ᠤ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ | ᠤᠯᠠᠭᠠᠨᠬᠤᠲᠠ ᠶᠢᠨ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠢᠴᠢ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ | ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠲᠠᠯ᠎ᠠ ᠶᠢᠨ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠥᠷᠨᠢᠭᠦᠯᠬᠦ ᠵᠡᠷᠭᠡ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠠᠰᠢᠭᠯᠠᠵᠤ᠂ ᠭᠤᠣᠯᠳᠠᠯᠭ᠎ᠠ ᠲᠠᠢ ᠲᠦᠷᠦᠯ ᠵᠦᠢᠯ᠂ | ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠴᠥᠬᠦᠷᠡᠰᠢ ᠦᠭᠡᠢ ᠠᠬᠢᠭᠤᠯᠵᠤ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ | ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠬᠢᠵᠦ᠂ | ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ᠃ | ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠬᠦ ᠴᠢᠬᠤᠯᠠ ᠠᠴᠢ ᠬᠤᠯᠪᠣᠭᠳᠠᠯ ᠪᠠ ᠦᠢᠯᠡᠳᠦᠯᠭᠡ ᠶᠢᠨ | ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ | ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ | ᠰᠢᠢᠳᠪᠦᠷᠢᠯᠡᠬᠦ ᠶᠢ ᠵᠡᠷᠭᠡ ᠪᠠᠷ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢᠨ ᠲᠠᠰᠤᠷᠠᠯᠳᠠ ᠦᠭᠡᠢ | ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ ᠤᠨ | ᠲᠤᠬᠢᠷᠠᠭᠤᠯᠤᠯᠳᠠ ᠶᠢ ᠰᠠᠶᠢᠲᠤᠷ ᠠᠳᠬᠤᠵᠤ᠂ ᠠᠬᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠠᠵᠢᠯ ᠤᠨ | ᠬᠠᠷᠢᠭᠤᠴᠠᠯᠭ᠎ᠠ᠂ ᠬᠠᠷᠠᠯᠲᠠ ᠡᠭᠦᠷᠭᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ | ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠤᠨᠤᠯ ᠤᠨ ᠰᠤᠷᠤᠯᠴᠠᠯᠭ᠎ᠠ ᠶᠢᠨ ᠦᠷ᠎ᠡ | ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠰᠠᠭᠤᠳᠠᠯ ᠢ ᠪᠠᠶᠢᠴᠠᠭᠠᠨ ᠥᠭᠡᠷᠡᠴᠢᠯᠡᠬᠦ ᠶᠢ ᠦᠨᠡᠨ ᠬᠦ | ᠰᠠᠶᠢᠲᠤᠷ ᠠᠳᠬᠤᠵᠤ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠬᠢᠨᠠᠨ | ᠵᠢᠯᠣᠭᠤᠳᠬᠤ ᠳᠤ ᠬᠦᠴᠦᠲᠡᠢ᠂ ᠠᠵᠢᠯ ᠳᠠᠭᠠᠨ ᠪᠦᠲᠦᠮᠵᠢᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠭᠤᠣᠯ ᠮᠥᠷᠡᠨ | ᠨᠠᠭᠤᠷ ᠴᠥᠭᠦᠷᠥᠮ ᠤᠨ ᠠᠮᠢ ᠠᠬᠤᠢ ᠶᠢᠨ ᠵᠠᠰᠠᠯᠲᠠ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠲᠦᠷᠪᠡᠨ ᠡᠷᠤᠢ | ᠬᠤᠷᠤᠢ ᠪᠠᠶᠢᠳᠠᠯ ᠢ ᠠᠷᠢᠯᠭᠠᠬᠤ︾ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠭᠤᠣᠯ ᠮᠥᠷᠡᠨ | ᠨᠠᠭᠤᠷ ᠴᠥᠭᠦᠷᠥᠮ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠤᠨ ᠳᠠᠷᠠᠭ᠎ᠠ᠂ ᠦᠷᠭᠦᠯᠵᠢᠯᠡᠨ ᠤᠯᠠᠭᠠᠨᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ | ᠭᠤᠤᠯ ᠳᠤᠭᠤᠶᠢᠯᠠᠩ ᠤᠨ 2025 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ | ᠬᠤᠷᠠᠯᠳᠤᠭᠤᠯᠵᠤ᠂ ᠭᠤᠤᠯ ᠳᠤᠭᠤᠶᠢᠯᠠᠩ ᠤᠨ ᠭᠡᠰᠢᠭᠦᠳ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠣᠶᠢᠯᠠᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠶᠠᠷᠢᠶ᠎ᠠ | ᠲᠠᠯᠪᠢᠪᠠ᠃ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠡᠴᠦᠰ ᠲᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠪᠡ᠃ | | | |