ᠤᠯᠠᠭᠠᠨᠬᠤᠲᠠ 2025 ᠣᠨ ᠤ ᠪᠥᠬᠦ ᠬᠤᠲᠠ ᠶᠢᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/5/27
        ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠤᠯᠠᠭᠠᠨᠬᠤᠲᠠ 2025 ᠣᠨ ᠤ ᠪᠦᠬᠦ ᠬᠤᠳᠠ ᠶᠢᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢ ᠡᠷᠬᠢᠯᠡᠵᠦ᠂ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ︽ᠬᠤᠰᠢᠭᠤᠴᠢ ᠴᠡᠷᠢᠭ︾ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃
1.jpg
        ᠰᠤᠷᠤᠯᠭ᠎ᠠ ᠡᠬᠢᠯᠡᠬᠦ ᠠᠩᠬᠠᠨ ᠤ ᠡᠳᠦᠷ᠂ ᠪᠣᠯᠪᠠᠰᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽︿ᠰᠡᠯᠡᠮ᠎ᠡ﹀ ᠪᠠᠷᠢᠵᠤ ᠪᠠᠶᠢᠳᠠᠯ ᠢ ᠡᠪᠳᠡᠬᠦ︾ ᠶᠢ ᠦᠵᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠠᠬᠢᠯᠭ᠎ᠠ ᠪᠠᠲᠤ ᠶᠢᠨ ᠰᠡᠷᠡᠮᠵᠢ ᠶᠢᠨ ᠳᠣᠬᠢᠶ᠎ᠠ ᠶᠢ ᠳᠤᠤᠭᠠᠷᠭᠠᠵᠤ᠂ ᠪᠣᠯᠪᠠᠰᠤᠷᠠᠯ ᠳᠤ ︽ᠠᠷᠢᠭᠤᠨ ᠴᠢᠬᠡᠴᠢ ᠰᠠᠭᠤᠷᠢ ᠥᠩᠭᠡ︾ ᠨᠡᠮᠡᠷᠢᠯᠡᠪᠡ᠃ ᠳᠠᠷᠠᠭᠠᠴᠢ ᠶᠢᠨ ᠭᠤᠷᠪᠠᠨ ᠡᠳᠦᠷ ᠤᠨ ᠬᠢᠴᠢᠶᠡᠯ ᠨᠢ ᠲᠥᠷᠥ ᠶᠢᠨ ᠪᠣᠳᠣᠯᠭ᠎ᠠ ᠶᠢᠨ ᠣᠨᠣᠯ ᠠᠴᠠ ᠪᠣᠳᠠᠲᠤ ᠳᠠᠶᠢᠨ ᠤ ᠤᠷ᠎ᠠ ᠴᠢᠳᠠᠪᠤᠷᠢ ᠪᠣᠯᠲᠠᠯ᠎ᠠ᠂ ᠰᠡᠷᠡᠮᠵᠢᠯᠡᠭᠦᠯᠬᠦ ᠬᠥᠮᠦᠵᠢᠯ ᠠᠴᠠ ᠲᠤᠬᠠᠶ ᠶᠢᠨ ᠲᠠᠯᠠᠪᠤᠷ ᠲᠤ ᠬᠦᠷᠴᠦ ᠰᠤᠳᠤᠯᠤᠨ ᠰᠤᠷᠤᠯᠴᠠᠵᠤ᠂ ᠭᠦᠨ ᠭᠦᠨᠵᠡᠭᠡᠶ ᠪᠠ ᠬᠡᠷᠡᠭᠯᠡᠭᠡᠨ ᠤ ᠴᠢᠨᠠᠷᠲᠠᠶ ᠬᠢᠴᠢᠶᠡᠯ ᠢ ᠪᠥᠬᠦ ᠲᠠᠯ᠎ᠠ ᠪᠠᠷ ᠥᠷᠨᠢᠭᠦᠯᠪᠡ᠃        ᠬᠢᠴᠢᠶᠡᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ 2025 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢᠨ ᠲᠤᠬᠠᠶ ᠭᠦᠨᠵᠡᠭᠡᠶ ᠲᠠᠶᠢᠯᠤᠮᠵᠢ ᠬᠢᠵᠦ᠂ ᠰᠤᠷᠤᠭᠴᠢᠳ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠴᠢᠭᠯᠡᠯ ᠢ ᠣᠨᠣᠪᠴᠢᠲᠠᠶ ᠡᠵᠡᠮᠳᠡᠪᠡ︔ ᠪᠠᠰᠠ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠪᠠᠶᠢᠵᠤ᠂ ᠠᠵᠤ ᠦᠢᠯᠡᠰ ᠤᠨ ᠬᠥᠭᠵᠢᠯᠲᠡ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠪᠣᠳᠠᠲᠤ ᠠᠵᠢᠯᠯᠠᠭᠠᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠰᠤᠷᠤᠭᠴᠢᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃
2.jpg
        ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠭᠤᠭᠴᠤᠭ᠎ᠠ ᠳᠤ᠂ ᠰᠤᠷᠤᠯᠴᠠᠭᠰᠠᠳ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠭᠤᠤ ᠶᠢᠨ ᠠᠶᠢᠯ ᠤᠨ ᠥᠨᠳᠥᠷ ᠪᠠᠷᠢᠮᠵᠢᠶᠠᠲᠤ ᠲᠦᠬᠦᠭᠡᠷᠦᠮᠵᠢᠳᠤ ᠲᠠᠷᠢᠶᠠᠯᠠᠩ ᠤᠨ ᠲᠣᠭᠤᠷᠢᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠷᠭᠢᠲᠦ ᠪᠠᠯᠭᠠᠰᠤ ᠶᠢᠨ ᠯᠢᠦ ᠾᠧ ᠭᠠᠴᠠᠭ᠎ᠠ ᠶᠢᠨ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢᠶᠠᠷ ᠬᠦᠷᠴᠦ᠂ ᠤᠶᠤᠨᠲᠤ ᠲᠠᠷᠢᠶᠠᠯᠠᠩ ᠂ ᠠᠵᠤ ᠦᠢᠯᠡᠰ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠵᠠᠭᠪᠤᠷ ᠢ ᠲᠤᠬᠠᠢ ᠶᠢᠨ ᠭᠠᠵᠠᠷ ᠲᠤᠨᠢ ᠰᠤᠷᠤᠯᠴᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ ᠵᠠᠰᠠᠯᠲᠠ ᠶᠢ ᠠᠭᠤᠰᠤᠯᠴᠠᠭᠤᠯᠤᠭᠰᠠᠨ ᠲᠤᠷᠰᠢᠯᠭ᠎ᠠ ᠶᠢ ᠰᠤᠷᠤᠯᠴᠠᠵᠠᠢ᠃        ︽ᠲᠣᠰ ᠤᠳᠠᠭᠠᠨ ᠤ ᠪᠣᠯᠪᠠᠰᠤᠷᠠᠯ ᠨᠢ ᠥᠨᠳᠥᠷᠴᠡ ᠲᠠᠢ ᠮᠥᠷᠲᠡᠭᠡᠨ ᠣᠯᠠᠨ ᠲᠦᠮᠡᠨ ᠲᠠᠢ ᠣᠶᠢᠷᠠᠳᠴᠠᠢ ᠂ ᠢᠯᠠᠩᠭᠤᠶ᠎ᠠ ᠲᠤᠬᠠᠶ ᠶᠢᠨ ᠲᠠᠯᠠᠪᠤᠷ ᠤᠨ ᠵᠢᠭᠠᠨ ᠰᠤᠷᠭᠠᠯᠲᠠ ᠶᠢᠨ ᠳᠤᠮᠳᠠᠬᠢ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠨᠢ ᠮᠠᠨ ᠤ ᠭᠠᠴᠠᠭᠠᠨ ᠤ ᠣᠨᠴᠠᠯᠢᠭᠲᠤ ᠲᠠᠷᠢᠮᠠᠯ᠂ ᠬᠦᠷᠢᠶ᠎ᠡ ᠬᠠᠰᠢᠶᠠᠨ ᠤ ᠠᠵᠤ ᠠᠬᠤᠶ ᠶᠢᠨ ᠬᠥᠭᠵᠢᠯᠲᠡ ᠳᠤ ᠴᠥᠮ ᠮᠠᠰᠢ ᠰᠡᠩᠬᠡᠷᠡᠭᠦᠯᠤᠯ ᠲᠠᠢ ᠶᠤᠮ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠵᠠᠩ ᠰᠢᠶᠤᠤ ᠸᠧᠢ ᠬᠡᠯᠡᠪᠡ᠃
3.jpg
        ᠲᠣᠰ ᠤᠳᠠᠭᠠᠨ ᠤ ᠪᠣᠯᠪᠠᠰᠤᠷᠠᠯ ᠨᠢ ᠣᠨᠣᠯ ᠪᠠ ᠦᠢᠯᠡᠳᠦᠯᠭᠡ ᠶᠢ ᠤᠶᠠᠯᠳᠤᠭᠤᠯᠬᠤ᠂ ᠰᠡᠷᠡᠮᠵᠢᠯᠡᠭᠦᠯᠬᠦ ᠪᠠ ᠴᠢᠳᠠᠪᠤᠷᠢ ᠣᠯᠭᠤᠬᠤ ᠶᠢ ᠵᠡᠷᠭᠡ ᠪᠠᠷ ᠴᠢᠬᠤᠯᠠᠴᠢᠯᠠᠬᠤ ᠵᠢᠭᠠᠨ ᠰᠤᠷᠭᠠᠯᠲᠠ ᠶᠢᠨ ᠵᠠᠭᠪᠤᠷ ᠢᠶᠠᠷ ᠳᠠᠮᠵᠢᠨ᠂ ᠪᠥᠬᠦ ᠬᠤᠲᠠ ᠶᠢᠨ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ᠂ ᠭᠠᠴᠠᠭ᠎ᠠ ᠲᠣᠰᠬᠤᠨ ᠤ ᠱᠦᠵᠢ ᠳᠤ ︽ᠣᠶᠤᠨ ᠰᠠᠨᠠᠭᠠᠨ ᠤ ᠺᠠᠯᠼ︾ ᠢ ᠭᠦᠢᠴᠡᠳ ᠨᠥᠬᠦᠪᠥᠷᠢᠯᠡᠵᠦ᠂ ︽ᠪᠣᠳᠠᠲᠠᠶ ᠠᠵᠢᠯᠯᠠᠬᠤ ᠴᠢᠳᠠᠪᠤᠷᠢ︾ ᠶᠢ ᠳᠠᠪᠲᠠᠨ ᠪᠣᠯᠪᠠᠰᠤᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠪᠰᠤᠷᠤᠨ ᠲᠡᠳᠬᠦᠬᠦ ᠠᠵᠢᠯ ᠢ ᠪᠠᠬᠢᠵᠢᠭᠦᠯᠦᠨ ᠥᠷᠭᠡᠳᠬᠡᠬᠦ ᠶᠢ ᠬᠦᠴᠦᠲᠡᠶ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号