ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/27
        5 ᠰᠠᠷ᠎ᠠ ᠶᠢᠨ 22 ᠤᠨ ᠡᠳᠦᠷ᠂ ᠤᠯᠠᠭᠠᠨᠬᠤᠲᠠ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠳᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠠᠢ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠴᠢ ᠲᠥᠪ᠂ ᠣᠷᠣᠨ᠂ ᠠᠶᠢᠮᠠᠭ ᠤᠨ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠣᠶᠢᠷ᠎ᠠ ᠶᠢᠨ ᠬᠤᠭᠤᠴᠠᠭᠠᠨ ᠤ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠪᠡ᠃ ︽ᠤᠯᠠᠭᠠᠨᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠤ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠤᠯᠠᠭᠠᠨᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠤ 2025 ᠣᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠂ ︽ᠤᠯᠠᠭᠠᠨᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ ᠪᠠᠲᠤᠯᠠᠪᠠ᠂ ᠤᠯᠠᠭᠠᠨᠬᠤᠲᠠ ᠶᠢᠨ ᠨᠡᠶᠢᠭᠡᠮ ᠤᠨ ᠠᠵᠢᠯᠲᠠᠨ ᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠬᠠᠮᠢᠶ᠎ᠠ ᠪᠥᠬᠦᠶ ᠵᠦᠢᠯᠡᠰ ᠢ ᠰᠤᠳᠤᠯᠪᠠ᠃        ᠬᠤᠷᠠᠯ ᠠᠴᠠ᠂ ᠬᠤᠶᠠᠷ ᠢ ᠬᠦᠷᠢᠶᠡᠯᠡᠬᠦ ᠠᠵᠢᠯ ᠨᠢ ᠠᠵᠤ ᠠᠬᠤᠢ ᠶᠢᠨ ᠬᠥᠭᠵᠢᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠷᠬᠡᠭ ᠶᠡᠭᠡ ᠪᠠᠶᠢᠳᠠᠯ᠂ ᠵᠠᠰᠠᠭ ᠤᠨ ᠡᠷᠬᠡ ᠶᠢᠨ ᠪᠠᠶᠢᠭᠤᠯᠤᠯᠲᠠ᠂ ᠲᠦᠷᠦ ᠪᠠᠷᠢᠬᠤ ᠰᠠᠭᠤᠷᠢ᠂ ᠨᠡᠶᠢᠭᠡᠮ ᠤᠨ ᠡᠶ᠎ᠡ ᠵᠣᠬᠢᠴᠠᠩᠭᠤᠢ᠂ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠩᠬᠢ ᠲᠠᠢ ᠪᠠᠶᠢᠩᠭᠤ ᠶᠢᠨ ᠴᠢᠨᠠᠷᠲᠠᠢ ᠵᠣᠬᠢᠴᠠᠭᠤᠯᠤᠨ ᠵᠥᠪᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠨᠡᠪᠲᠡᠷᠡᠯᠴᠡᠬᠦ᠂ ᠠᠵᠢᠯ ᠢ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠬᠤᠶᠠᠷ ᠢ ᠬᠦᠷᠢᠶᠡᠯᠡᠬᠦ ᠦᠢᠯᠡᠴᠢᠯᠡᠭᠡᠨ ᠤ ᠠᠴᠢᠶᠠᠯᠠᠪᠤᠷᠢ᠂ ᠦᠢᠯᠡᠴᠢᠯᠡᠭᠡᠨ ᠤ ᠬᠡᠯᠪᠡᠷᠢ ᠶᠢ ᠲᠠᠰᠤᠷᠠᠯᠲᠠ ᠦᠭᠡᠢ ᠰᠢᠨᠡᠴᠢᠯᠡᠵᠦ᠂ ᠤᠯᠠᠭᠠᠨᠬᠤᠲᠠ ᠶᠢᠨ ︽ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ︾ ᠶᠢᠨ ᠨᠠᠢᠮᠠᠨ ᠵᠢᠯ ᠳᠠᠷᠠᠭᠠᠯᠠᠨ ᠢᠷᠠᠭᠤ ᠠᠯᠳᠠᠷ ᠢ ᠰᠠᠶᠢᠲᠤᠷ ᠰᠠᠬᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠭᠤᠷᠪᠡᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ᠂ ᠠᠵᠤ ᠠᠬᠤᠶᠢᠯᠠᠯ ᠪᠣᠯᠣᠨ ᠲᠦᠷᠦᠯ ᠵᠦᠢᠯ ᠤᠨ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠭᠡᠮ ᠰᠣᠭᠤᠭ ᠤᠨ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠪᠤᠢ ᠪᠣᠯᠭᠠᠬᠤ ᠬᠡᠷᠡᠭᠲᠡᠢ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠮᠢᠶᠠᠷᠤᠯᠲᠠ ᠶᠢᠨ ᠬᠠᠷᠠᠯᠲᠠ ᠶᠢ ᠲᠣᠭᠲᠠᠭᠠᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠵᠢᠬᠦᠯᠦᠨ ᠰᠢᠢᠳᠪᠦᠷᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠠᠵᠢᠯᠳᠠᠨ ᠤ ᠡᠩᠨᠡᠭᠡ ᠶᠢ ᠲᠦᠷᠭᠡᠨ ᠨᠥᠬᠦᠪᠥᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠬᠵᠢᠭᠤᠯᠤᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠲᠤᠰᠬᠠᠢ ᠮᠡᠷᠭᠡᠵᠢᠯ ᠤᠨ ᠴᠢᠳᠠᠪᠤᠷᠢ ᠥᠨᠳᠦᠷ᠂ ᠦᠢᠯᠡᠴᠢᠯᠡᠭᠡ ᠨᠢ ᠥᠨᠳᠥᠷ ᠪᠦᠲᠦᠮᠵᠢᠲᠡᠢ ᠨᠡᠶᠢᠭᠡᠮ ᠲᠣᠭᠤᠷᠢᠭ ᠤᠨ ᠠᠵᠢᠯ ᠤᠨ ᠡᠩᠨᠡᠭᠡ ᠶᠢ ᠰᠠᠶᠢᠲᠤᠷ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号