| ᠤᠯᠠᠭᠠᠨᠬᠤᠲᠠ ᠬᠥᠳᠡᠭᠡ ᠲᠣᠰᠬᠤᠨ ᠤ ᠵᠢᠭᠤᠯᠴᠢᠯᠡᠯ ᠤᠨ ᠠᠷᠠᠳ ᠤᠨ ᠰᠠᠭᠤᠴᠠ ᠶᠢᠨ ᠮᠠᠶ᠋ᠢᠬ ᠤᠨ | ᠪᠠᠭᠤᠳᠠᠯ ᠤᠨ ᠠᠵᠤ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠤᠨ | ᠰᠠᠭᠤᠴᠠ ᠶᠢᠨ ᠮᠠᠶ᠋ᠢᠬ ᠤᠨ ᠪᠠᠭᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ | ᠤᠯᠠᠭᠠᠨᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ | ᠰᠤᠷᠪᠤᠯᠵᠢᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠵᠡᠷᠭᠡ ᠲᠠᠰ ᠤᠨ ᠠᠷᠠᠳ ᠤᠨ ᠰᠠᠭᠤᠴᠠ ᠶᠢᠨ ᠮᠠᠶ᠋ᠢᠬ ᠤᠨ | ᠪᠠᠭᠤᠳᠠᠯ ᠤᠨ ᠪᠠᠷᠢᠮᠵᠢᠶ᠎ᠠ ᠳᠤ ᠨᠡᠶᠢᠴᠡᠬᠦ ᠴᠢᠨᠠᠷ ᠰᠠᠶᠢᠲᠠᠶ ᠬᠥᠳᠡᠭᠡ ᠲᠣᠰᠬᠤᠨ ᠤ ᠵᠢᠭᠤᠯᠴᠢᠯᠡᠯ ᠤᠨ ᠠᠷᠠᠳ ᠤᠨ | ᠰᠠᠭᠤᠴᠠ ᠶᠢᠨ ᠮᠠᠶ᠋ᠢᠬ ᠤᠨ ᠪᠠᠭᠤᠳᠠᠯ ᠢ ᠠᠭᠤᠳᠠᠯᠵᠤ᠂ ᠪᠥᠬᠦ ᠬᠤᠲᠠ ᠶᠢᠨ ᠬᠥᠳᠡᠭᠡ ᠲᠣᠰᠬᠤᠨ ᠤ ᠵᠢᠭᠤᠯᠴᠢᠯᠡᠯ ᠤᠨ | ᠠᠷᠠᠳ ᠤᠨ ᠰᠠᠭᠤᠴᠠ ᠶᠢᠨ ᠮᠠᠶ᠋ᠢᠬ ᠤᠨ ᠪᠠᠭᠤᠳᠠᠯ ᠤᠨ ᠠᠵᠤ ᠦᠢᠯᠡᠰ ᠤᠨ ᠵᠢᠷᠤᠮᠵᠢᠭᠰᠠᠨ᠂ ᠪᠠᠷᠢᠮᠵᠢᠶᠠᠵᠢᠭᠰᠠᠨ | ᠬᠥᠭᠵᠢᠯᠲᠡ ᠶᠢᠨ ᠵᠠᠮ ᠢ ᠳᠥᠯᠭᠢᠨ ᠠᠬᠢᠭᠤᠯᠵᠦ ᠪᠠᠶᠢᠨ᠎ᠠ᠃ | ᠰᠤᠷᠪᠤᠯᠵᠢᠯᠠᠬᠤ ᠶᠠᠪᠤᠴᠠ ᠳᠤ᠂ ᠠᠵᠢᠯᠲᠠᠳ ︽ᠵᠢᠭᠤᠯᠴᠢᠯᠠᠯ ᠤᠨ ᠠᠷᠠᠳ ᠤᠨ ᠰᠠᠭᠤᠴᠠ ᠶᠢᠨ ᠮᠠᠶ᠋ᠢᠬ ᠤᠨ | ᠪᠠᠭᠤᠳᠠᠯ ᠤᠨ ᠦᠨᠳᠦᠰᠦᠨ ᠱᠠᠭᠠᠷᠳᠠᠯᠭ᠎ᠠ︾ ᠪᠠᠷ ᠬᠥᠳᠡᠭᠡ ᠲᠣᠰᠬᠤᠨ ᠤ ᠵᠢᠭᠤᠯᠴᠢᠯᠠᠯ ᠤᠨ ᠠᠷᠠᠳ ᠤᠨ | ᠰᠠᠭᠤᠴᠠ ᠶᠢᠨ ᠮᠠᠶ᠋ᠢᠬ ᠤᠨ ᠪᠠᠭᠤᠳᠠᠯ ᠤᠨ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠨᠠᠷᠢᠨ ᠨᠢᠮᠪᠠᠶ ᠦᠨᠡᠯᠡᠨ | ᠵᠢᠱᠢᠪᠡ᠃ ᠬᠠᠲᠠᠭᠤ ᠲᠤᠨᠤᠭ ᠤᠨ ᠲᠠᠯ᠎ᠠ ᠪᠠᠷ᠂ ᠰᠠᠭᠤᠷᠢ ᠬᠡᠷ ᠤᠨ ᠬᠡᠷᠡᠭᠰᠡᠯ ᠤᠨ ᠲᠣᠬᠢᠷᠠᠭᠤᠯᠤᠯᠲᠠ᠂ ᠠᠷᠢᠭᠤᠨ | ᠴᠡᠪᠡᠷ ᠤᠨ ᠤᠬᠢᠶᠠᠯᠠᠭ᠎ᠠ ᠶᠢᠨ ᠪᠡᠯᠡᠳᠭᠡᠮᠵᠢ ᠵᠡᠷᠭᠡ ᠶᠢ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠭᠤᠤᠯᠳᠠᠯᠭ᠎ᠠ ᠲᠠᠢ | ᠬᠠᠷᠭᠤᠭᠤᠯᠤᠨ ᠪᠠᠶᠢᠴᠠᠭᠠᠪᠠ᠃ ᠡᠭᠦᠨ ᠤ ᠬᠠᠮᠲᠤ᠂ ᠠᠷᠠᠳ ᠤᠨ ᠰᠠᠭᠤᠴᠠ ᠶᠢᠨ ᠮᠠᠶ᠋ᠢᠬ ᠤᠨ ᠪᠠᠭᠤᠳᠠᠯ ᠤᠨ | ᠠᠶᠤᠯᠭᠦᠶ ᠦᠢᠯᠡᠳᠪᠦᠷᠢᠯᠡᠯ ᠤᠨ ᠠᠵᠢᠯ ᠳᠤ ᠴᠢᠭᠯᠡᠭᠦᠯᠦᠨ ᠬᠢᠨᠠᠨ ᠵᠢᠯᠣᠭᠤᠳᠴᠤ᠂ ᠡᠵᠡᠩᠨᠡᠭᠴᠢᠳ ᠢ ᠠᠶᠤᠯᠭᠦᠶ | ᠦᠢᠯᠡᠳᠪᠦᠷᠢᠯᠡᠯ ᠤᠨ ᠠᠵᠢᠯ ᠤᠨ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠠᠷᠠᠳ ᠤᠨ ᠰᠠᠭᠤᠴᠠ ᠶᠢᠨ ᠮᠠᠶ᠋ᠢᠬ ᠤᠨ ᠪᠠᠭᠤᠳᠠᠯ ᠡᠵᠡᠩᠨᠡᠭᠴᠢᠳ ᠢ ᠡᠵᠡᠩᠨᠡᠯᠲᠡ ᠶᠢᠨ ᠶᠠᠪᠤᠴᠠ ᠳᠤ ᠦᠨᠡᠨᠴᠢ | ᠢᠲᠡᠭᠡᠮᠵᠢᠲᠡᠶ ᠪᠠᠷ ᠡᠵᠡᠩᠨᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠂ ᠵᠢᠭᠤᠯᠴᠢᠯᠡᠯ ᠤᠨ | ᠤᠯᠠᠷᠢᠯ ᠢ ᠦᠨᠳᠦᠰᠦᠯᠡᠨ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠵᠤ᠂ ᠬᠤᠳᠠᠯ ᠬᠠᠭᠤᠷᠮᠠᠭ ᠤᠬᠠᠭᠤᠯᠭ᠎ᠠ ᠶᠢ | ᠬᠤᠷᠢᠭᠯᠠᠨ᠂ ᠵᠢᠭᠤᠯᠴᠢᠯᠠᠬᠴᠢᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠳᠡᠭᠡᠭᠰᠢᠯᠡᠭᠦᠯᠬᠦ ᠶᠢ ᠴᠢᠬᠤᠯᠠᠴᠢᠯᠠᠵᠠᠢ᠃ | | ᠳᠠᠷᠠᠭᠠᠴᠢ ᠪᠠᠷ᠂ ᠤᠯᠠᠭᠠᠨᠬᠤᠲᠠ ᠶᠢᠨ ᠰᠣᠶᠣᠯ ᠵᠢᠭᠤᠯᠴᠢᠯᠡᠯ ᠪᠡᠶ᠎ᠡ ᠶᠢᠨ ᠲᠠᠮᠢᠷ ᠤᠨ ᠲᠣᠪᠴᠢᠶ᠎ᠠ | ᠰᠤᠷᠪᠤᠯᠵᠢᠯᠠᠬᠤ ᠳᠤᠮᠳᠠ ᠢᠯᠡᠷᠡᠭᠦᠯᠦᠭᠰᠡᠨ ᠠᠷᠠᠳ ᠤᠨ ᠰᠠᠭᠤᠴᠠ ᠶᠢᠨ ᠮᠠᠶ᠋ᠢᠬ ᠤᠨ ᠪᠠᠭᠤᠳᠠᠯ ᠡᠷᠬᠢᠯᠡᠬᠦ | ᠪᠠᠷᠢᠮᠵᠢᠶ᠎ᠠ ᠳᠤ ᠬᠦᠷᠦᠭᠰᠡᠨ ᠰᠢᠨ᠎ᠡ ᠪᠠᠷ ᠮᠠᠨᠳᠤᠭᠰᠠᠨ ᠠᠷᠠᠳ ᠤᠨ ᠰᠠᠭᠤᠴᠠ ᠶᠢᠨ ᠮᠠᠶ᠋ᠢᠬ ᠤᠨ ᠪᠠᠭᠤᠳᠠᠯ ᠢ ᠪᠦᠬᠦ | ᠲᠠᠯ᠎ᠠ ᠪᠠᠷ ᠳᠡᠮᠵᠢᠵᠦ᠂ ᠬᠠᠮᠢᠶ᠎ᠠ ᠪᠦᠬᠦᠢ ᠪᠡᠯᠡᠳᠭᠡᠮᠵᠢ ᠪᠠ ᠦᠢᠯᠡᠴᠢᠯᠡᠭᠡ ᠶᠢ ᠲᠡᠭᠦᠯᠳᠡᠷᠵᠢᠭᠦᠯᠬᠦ ᠪᠤᠯᠦᠨ᠎ᠠ᠃ ᠡᠭᠦᠨ ᠤ | ᠬᠠᠮᠲᠤ᠂ ᠠᠵᠢᠯ ᠲᠥᠷᠥᠯ ᠤᠨ ᠬᠢᠨᠠᠨ ᠵᠢᠯᠣᠭᠤᠳᠣᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ | ᠰᠠᠭᠤᠴᠠ ᠶᠢᠨ ᠮᠠᠶ᠋ᠢᠬ ᠤᠨ ᠪᠠᠭᠤᠳᠠᠯ ᠤᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ | ᠬᠥᠲᠥᠯᠦᠨ ᠵᠢᠯᠣᠭᠤᠳᠴᠤ᠂ ᠵᠢᠭᠤᠯᠴᠢᠯᠠᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ᠂ ᠦᠨᠡᠨᠴᠢ ᠢᠲᠡᠭᠡᠮᠵᠢᠲᠡᠶ | ᠬᠤᠨᠤᠭᠯᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦ ᠪᠤᠯᠦᠨ᠎ᠠ᠃ ︵ᠯᠢᠶᠠᠨ ᠪᠤᠤ ᠮᠨ ᠷᠦᠡᠭ︶ | | | | |