| ᠬᠢᠩᠭᠠᠨ ᠠᠶᠢᠮᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ | ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠦ ᠴᠤᠬᠴᠠᠯᠠᠬᠤ ᠶᠢᠨ ᠲᠥᠯᠥᠭᠡ᠂ ᠣᠶᠢᠷ᠎ᠠ ᠳᠤ᠂ | ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ᠤᠯᠠᠭᠠᠨᠬᠤᠲᠠ ᠶᠢᠨ | ᠳᠤᠮᠳᠠᠳᠤ ᠪᠠᠭ᠎ᠠ ᠰᠤᠷᠭᠠᠭᠤᠯᠢ ᠶᠢᠨ ᠬᠢᠩᠭᠠᠨ ᠤ ᠬᠤᠪᠢᠰᠬᠠᠯᠲᠦ ᠥᠯᠢᠭᠡᠷ ᠶᠠᠷᠢᠬᠤ ᠤᠷᠤᠯᠳᠤᠭᠠᠨ ᠶᠠᠪᠤᠭᠤᠯᠪᠠ᠃ | ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ | ᠪᠠᠭᠰᠢ ᠶᠢᠨ ᠳᠤᠭᠤᠶᠢᠯᠠᠩ ᠭᠡᠵᠦ ᠭᠤᠷᠪᠠᠨ ᠳᠤᠭᠤᠶᠢᠯᠠᠩ ᠬᠤᠪᠢᠶᠠᠨ ᠶᠠᠪᠤᠬᠳᠠᠭᠤᠯᠵᠠᠢ᠃ ᠤᠷᠤᠯᠳᠤᠭᠠᠨ ᠤ | ᠲᠤᠬᠠᠢ ᠶᠢᠨ ᠲᠠᠯᠠᠪᠠᠢ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 89 ᠪᠠᠭᠰᠢ ᠰᠤᠷᠤᠭᠴᠢ ᠬᠢᠩᠭᠠᠨ | ᠠᠶᠢᠮᠠᠭ ᠤᠨ ᠬᠤᠪᠢᠰᠬᠠᠯᠲᠦ ᠲᠡᠦᠬᠡ ᠶᠢᠨ ᠬᠥᠭᠵᠢᠯᠲᠡ ᠶᠢᠨ ᠲᠣᠭᠤᠷᠢᠨ ᠳᠤ᠂ ᠣᠷᠭᠢᠯᠤᠮ᠎ᠠ ᠬᠠᠯᠠᠭᠤᠨ | ᠰᠡᠳᠭᠢᠯᠭᠡ ᠪᠠᠷ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ᠂ ᠪᠠᠭᠠᠲᠤᠷ ᠵᠢᠱᠢᠶᠡᠴᠢ ᠶᠢᠨ | ᠰᠡᠳᠭᠢᠯ ᠬᠥᠳᠡᠯᠭᠡᠮ᠎ᠡ ᠦᠯᠢᠭᠡᠷ ᠵᠢᠴᠢ ᠬᠤᠪᠢᠰᠬᠠᠯᠲᠦ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠦᠭᠰᠡᠨ | ᠥᠩᠭᠡᠷᠡᠯᠲᠡ ᠪᠠᠨ ᠠᠮᠢᠳᠤᠯᠢᠭ ᠢᠶᠠᠷ ᠶᠠᠷᠢᠪᠠ᠃ ᠪᠠᠭᠰᠢ ᠰᠤᠷᠤᠭᠴᠢᠳ ᠪᠣᠷᠣᠭᠵᠢᠭᠤᠨ ᠪᠥᠭᠡᠳ ᠢᠳᠡᠭᠡᠬᠦᠯᠬᠦ | ᠬᠦᠴᠦᠨ ᠲᠠᠢ ᠦᠭᠡ ᠶᠠᠷᠥᠶᠠ ᠤᠶᠢᠯᠡ ᠬᠦᠳᠡᠯᠦᠯ ᠢᠶᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ | ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ | ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢ ᠭᠦᠢᠴᠡᠳ | ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃ | ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠪᠠᠭᠰᠢ ᠶᠢᠨ ᠲᠤᠭᠤᠶᠢᠯᠠᠩ ᠳᠤ ᠤᠯᠠᠭᠠᠨᠬᠤᠲᠠ | ᠲᠦᠷᠪᠡᠳᠦᠭᠡᠷ ᠳᠤᠮᠳᠠᠲᠦ ᠰᠤᠷᠭᠠᠭᠤᠯᠢ ᠶᠢᠨ ᠶᠠᠩ ᠮᠢᠩ᠂ ᠲᠡᠭᠦᠯᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠶᠤᠸᠠᠨ | ᠵᠤ᠋᠂ ᠤᠯᠠᠭᠠᠨᠬᠤᠲᠠ ᠲᠠᠪᠤᠳᠤᠭᠠᠷ ᠳᠤᠮᠳᠠᠲᠦ ᠰᠤᠷᠭᠠᠭᠤᠯᠢ ᠶᠢᠨ ᠮᠸᠢ ᠴᠢ᠂ ᠲᠡᠮᠤᠷ ᠵᠠᠮ ᠤᠨ ᠪᠠᠷᠠᠭᠤᠳᠡᠬᠢ | ᠨᠢᠭᠡᠳᠦᠭᠡᠷ ᠪᠠᠭ᠎ᠠ ᠰᠤᠷᠭᠠᠭᠤᠯᠢ ᠶᠢᠨ ᠸᠠᠩ ᠰᠢᠨ ᠰᠢᠨ ᠲᠤᠰ ᠲᠤᠰ ᠨᠢᠭᠡᠳᠦᠭᠡᠷ ᠪᠠᠶᠢᠷᠢᠨ ᠳᠤ ᠳᠤᠳᠤᠷᠠᠵᠦ᠂ | ᠲᠤᠮᠳᠠᠲᠦ ᠰᠤᠷᠭᠠᠭᠤᠯᠢ ᠶᠢᠨ ᠲᠤᠭᠤᠶᠢᠯᠠᠩ ᠳᠤ ᠤᠯᠠᠭᠠᠨᠬᠤᠲᠠ ᠨᠠᠢᠮᠠᠳᠤᠭᠠᠷ ᠲᠤᠮᠳᠠᠲᠦ ᠰᠤᠷᠭᠠᠭᠤᠯᠢ ᠶᠢᠨ ᠡᠤ | ᠢᠯᠠᠨ᠎ᠠ᠂ ᠤᠯᠠᠭᠠᠨᠬᠤᠲᠠ ᠶᠢᠨ ᠶᠢᠰᠦᠳᠦᠭᠡᠷ ᠳᠤᠮᠳᠠᠲᠦ ᠰᠤᠷᠭᠠᠭᠤᠯᠢ ᠶᠢᠨ ᠪᠢ ᠸᠧᠨ ᠪᠥᠸᠧ᠂ ᠤᠯᠠᠭᠠᠨᠬᠤᠲᠠ | ᠲᠠᠪᠤᠳᠤᠭᠠᠷ ᠳᠤᠮᠳᠠᠲᠦ ᠰᠤᠷᠭᠠᠭᠤᠯᠢ ᠶᠢᠨ ᠴᠧᠨ ᠬᠤᠤ ᠶᠠᠩ ᠲᠤᠰ ᠲᠤᠰ ᠨᠢᠭᠡᠳᠦᠭᠡᠷ ᠪᠠᠶᠢᠷᠢᠨ ᠳᠤ ᠤᠷᠤᠵᠦ᠂ | ᠪᠠᠭ᠎ᠠ ᠰᠤᠷᠭᠠᠭᠤᠯᠢ ᠶᠢᠨ ᠲᠤᠭᠤᠶᠢᠯᠠᠩ ᠳᠤ ᠬᠢᠨᠭ᠍ᠭᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠭᠥᠸᠧ ᠢᠤᠢ᠂ | ᠱᠸᠡᠭᠯᠢ ᠨᠢᠭᠡᠳᠦᠭᠡᠷ ᠪᠠᠭ᠎ᠠ ᠰᠤᠷᠭᠠᠭᠤᠯᠢ ᠶᠢᠨ ᠵᠠᠩ ᠬᠠᠨᠭ᠌᠂ ᠾᠧ ᠫᠢᠡᠭ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠢ | ᠶᠠᠩ ᠲᠤᠰ ᠲᠤᠰ ᠨᠢᠭᠡᠳᠦᠭᠡᠷ ᠪᠠᠶᠢᠷᠢᠨ ᠳᠤ ᠳᠤᠳᠤᠷᠠᠵᠠᠢ᠃ | ᠲᠣᠰ ᠤᠳᠠᠭᠠᠨ ᠤ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ | ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠬᠢᠩᠭᠠᠨ ᠠᠶᠢᠮᠠᠭ ᠤᠨ | ᠡᠯᠪᠡᠭ ᠪᠠᠶᠠᠯᠢᠭ ᠬᠤᠪᠢᠰᠬᠠᠯᠲᠦ ᠰᠣᠶᠣᠯ ᠤᠨ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠲᠠᠯ᠎ᠠ ᠪᠠᠷ ᠬᠢ | ᠥᠪᠡᠷᠮᠢᠴᠡ ᠴᠢᠳᠠᠮᠵᠢ ᠶᠢ ᠪᠠᠳᠠᠷᠠᠭᠤᠯᠵᠤ᠂ ᠪᠠᠭᠰᠢ ᠰᠤᠷᠤᠭᠴᠢᠳ ᠲᠤ ᠬᠤᠪᠢᠰᠬᠠᠯᠲᠦ ᠥᠯᠢᠭᠡᠷ ᠢ ᠶᠠᠷᠢᠵᠤ᠂ | ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠲᠠᠪᠴᠠᠩ ᠢ ᠪᠠᠶᠢᠭᠤᠯᠵᠦ ᠦᠭᠬᠦ ᠳᠤ ᠰᠠᠶᠢᠨ | ᠰᠠᠶᠢᠬᠠᠨ ᠲᠠᠪᠴᠠᠩ ᠬᠠᠨᠭ᠍ᠭᠠᠵᠠᠢ᠃ ︵ᠯᠢᠶᠠᠨ ᠪᠤᠤ ᠪᠤᠤ ᠢ ᠵᠢᠩ︶ | | | | |