ᠰᠦᠬᠡ ᠤᠯᠠᠭᠠᠨᠬᠤᠲᠠ ᠳᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/5/27
        5 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠤᠯᠠᠭᠠᠨᠬᠤᠲᠠ ᠪᠣᠯᠣᠳ ᠲᠡᠮᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠤᠯᠠᠭᠠᠨᠬᠤᠲᠠ ᠨᠠᠪᠴᠢᠨ ᠳᠠᠮᠠᠬᠢ ᠶᠢᠨ ᠦᠢᠯᠡᠳᠪᠦᠷᠢ ᠳᠤ ᠬᠦᠷᠴᠦ ᠰᠢᠨᠵᠢᠯᠡᠨ ᠪᠠᠶᠢᠴᠠᠭᠠᠯᠳᠠ ᠬᠢᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠤᠶᠢᠯᠠᠭᠠᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠲᠠᠢ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠰᠤᠳᠤᠯᠤᠨ ᠰᠢᠢᠳᠪᠦᠷᠢᠯᠡᠪᠡ᠃        ᠤᠯᠠᠭᠠᠨᠬᠤᠲᠠ ᠪᠤᠯᠤᠳ ᠲᠡᠮᠤᠷ ᠤᠨ ᠬᠢᠵᠠᠭᠠᠷᠲᠤ ᠬᠠᠷᠢᠭᠤᠴᠠᠯᠭᠠᠳᠤ ᠺᠣᠮᠫᠠᠨᠢ ᠳᠤ᠂ ᠰᠦᠬᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠶᠠᠷᠢᠯᠴᠠᠪᠠ᠃ ᠲᠡᠷᠡ ᠬᠡᠯᠡᠭᠰᠡᠨ ᠨᠢ᠂ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ ᠪᠣᠯ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠭᠴᠢ ᠠᠵᠤ ᠠᠬᠤᠶᠢᠯᠠᠯ ᠪᠣᠯᠤᠨ᠎ᠠ᠂ ᠪᠤᠯᠤᠳ ᠲᠡᠮᠤᠷ ᠤᠨ ᠵᠠᠬ᠎ᠠ ᠳᠡᠯᠭᠡᠭᠦᠷ ᠤᠨ ᠳᠠᠷᠤᠯᠲᠠ ᠶᠢ ᠪᠦᠬᠦ ᠬᠦᠴᠦᠨ ᠢᠶᠠᠷ ᠢᠶᠠᠨ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠦᠢᠯᠡᠳᠪᠦᠷᠢᠯᠡᠯ ᠡᠵᠡᠩᠨᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠠᠶᠠᠭᠳᠠᠮᠠᠯ ᠪᠣᠳᠠᠰ ᠢ ᠠᠰᠢᠭᠯᠠᠬᠤ ᠰᠢᠰᠲ᠋ᠧᠮ ᠢ ᠲᠦᠷᠭᠡᠨ ᠪᠠᠶᠢᠭᠤᠯᠵᠤ᠂ ᠠᠵᠤ ᠠᠬᠤᠶᠢᠯᠠᠯ ᠤᠨ ᠥᠪᠡᠷ ᠤᠨ ᠦᠷᠲᠡᠭ ᠢ ᠪᠠᠭᠤᠷᠠᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠭᠡᠬᠦ᠂ ᠲᠣᠭᠲᠠᠭᠤᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃        ᠤᠯᠠᠭᠠᠨᠬᠤᠲᠠ ᠨᠠᠪᠴᠢᠨ ᠳᠠᠮᠠᠬᠢ ᠶᠢᠨ ᠦᠢᠯᠡᠳᠪᠦᠷᠢ ᠳᠤ᠂ ᠰᠦᠬᠡ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠯᠥᠪᠯᠡᠭᠡ᠂ ᠪᠦᠲᠦᠭᠡᠭᠳᠡᠬᠦᠨ ᠤ ᠪᠣᠷᠣᠯᠠᠭᠤᠯᠭ᠎ᠠ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠲᠦᠭᠡᠭᠳᠡᠬᠦᠨ ᠤ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠡᠷᠡᠭᠯᠡᠭᠴᠢᠳ ᠤᠨ ᠤᠯᠠᠨ ᠡᠰᠢᠴᠢᠯᠡᠭᠰᠡᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠠᠵᠤ ᠠᠬᠤᠶᠢᠯᠠᠯ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠰᠦᠬᠡ ᠬᠡᠯᠡᠭᠰᠡᠨ ᠨᠢ᠂ ᠤᠯᠠᠭᠠᠨᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ ᠴᠢᠬᠤᠯᠠ ᠡᠯᠧᠮᠧᠨ᠋ᠲ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠥᠷᠭᠡᠳᠭᠡᠯ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠢᠶᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠬᠡᠪᠡ᠃        ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ᠂ ᠯᠢᠶᠠᠩ ᠶᠠᠨ ᠵᠢᠶᠦ᠋ᠨ ᠨᠠᠷ ᠠᠵᠢᠯᠯᠠᠭ᠎ᠠ ᠳᠤ ᠣᠷᠣᠯᠴᠠᠵᠠᠶ᠃ ︵ᠬᠠᠨ ᠸᠧᠨ ᠪᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号