| ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ | ᠶᠠᠪᠤᠴᠠ ᠳᠤ ᠤᠯᠠᠭᠠᠨᠬᠤᠳᠠ ᠨᠢᠬᠳᠠᠷᠠᠬᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠬᠡᠨ ᠤ ᠬᠠᠮᠳᠤ ᠶᠢᠨ | ᠴᠤᠬᠴᠠ ᠶᠢᠨ ᠪᠠᠶᠢᠭᠤᠯᠤᠯᠳᠠ ᠪᠠᠷ ᠰᠢᠪᠳᠦᠯᠦᠯᠳᠡ ᠪᠤᠯᠭᠠᠨ ︽ᠦᠨᠳᠦᠰᠦᠨ ᠱᠠᠳᠦᠨ ᠳᠤ ᠠᠩᠬ᠎ᠠ ᠡᠮᠴᠢᠯᠡᠬᠦᠯᠬᠦ᠂ | ᠲᠡᠭᠡᠷ᠎ᠡ ᠱᠠᠳᠦᠨ ᠤ ᠡᠮᠨᠡᠯᠬᠡ ᠳᠤ ᠰᠢᠯᠵᠢᠬᠦᠯᠬᠦ᠂ ᠲᠦᠷᠭᠡᠨ ᠴᠢᠨᠠᠷᠳᠠᠢ ᠤᠳᠠᠭᠠᠨ ᠴᠢᠨᠠᠷᠳᠠᠢ ᠡᠪᠡᠳᠴᠢᠨ ᠢ ᠰᠠᠯᠭᠠᠵᠦ | ᠡᠮᠴᠢᠯᠡᠬᠦ᠂ ᠬᠤᠯᠪᠤᠭᠠᠯᠠᠨ ᠬᠦᠳᠡᠯᠦᠯᠴᠡᠬᠦ︾ ᠬᠠᠷᠠᠯᠳᠠ ᠶᠢᠨ ᠲᠤᠭᠤᠷᠢᠨ ᠳᠤ᠂ ᠡᠬᠢ ᠪᠠᠶᠠᠯᠢᠭ ᠢ ᠨᠡᠶᠢᠳᠬᠡᠬᠦ᠂ | ᠲᠤᠰᠬᠠᠢ ᠰᠠᠯᠠᠭ᠎ᠠ ᠬᠠᠮᠵᠢᠯᠴᠠᠬᠤ᠂ ᠦᠢᠯᠡᠴᠢᠯᠡᠭᠡ ᠶᠢ ᠲᠤᠷᠤᠬᠰᠢ ᠪᠠᠭᠤᠯᠭᠠᠬᠤ ᠪᠠᠷ ᠲᠠᠮᠵᠢᠭᠤᠯᠤᠨ᠂ ᠬᠤᠳᠠ᠂ | ᠪᠠᠯᠭᠠᠰᠦ᠂ ᠭᠠᠴᠠᠭ᠎ᠠ ᠲᠤᠰᠬᠤᠨ ᠭᠤᠷᠪᠠᠨ ᠱᠠᠳᠦᠨ ᠤ ᠰᠢᠯᠢᠳᠡᠭ ᠦᠨᠳᠦᠷ ᠪᠦᠳᠦᠮᠵᠢᠳᠡᠢ ᠡᠮᠴᠢᠯᠡᠬᠡᠨ ᠤ | ᠦᠢᠯᠡᠴᠢᠯᠡᠬᠡᠨ ᠤ ᠰᠢᠰᠲ᠋ᠧᠮ ᠢ ᠪᠠᠶᠢᠭᠤᠯᠵᠦ᠂ ᠤᠯᠠᠨ ᠲᠦᠮᠡᠨ ᠤ ᠰᠡᠳᠬᠢᠯ ᠬᠠᠨᠭ᠍ᠭᠠᠮᠵᠢᠳᠠᠢ ᠦᠨᠳᠦᠰᠦᠨ ᠱᠠᠳᠦᠨ ᠤ | ᠡᠮᠴᠢᠯᠡᠬᠡᠨ ᠤ ᠦᠢᠯᠡᠴᠢᠯᠡᠭᠡ ᠶᠢ ᠪᠦᠬᠦ ᠬᠦᠴᠦ ᠪᠠᠷ ᠪᠤᠢ ᠪᠤᠯᠭᠠᠵᠠᠢ᠃ | ᠡᠮᠴᠢᠯᠡᠬᠡᠨ ᠤ ᠡᠬᠢ ᠪᠠᠶᠠᠯᠢᠭ ᠢ ᠨᠡᠶᠢᠳᠬᠡᠨ ᠡᠷᠡᠬᠦᠯ ᠮᠡᠨᠳᠤ ᠶᠢᠨ ᠦᠢᠯᠡᠴᠢᠯᠡᠭᠡ ᠶᠢᠨ ︽ᠭᠤᠤᠯ | ᠵᠢᠬᠰᠠᠭᠠᠯ ᠤᠨ ᠭᠠᠵᠠᠷ︾ ᠢ ᠪᠠᠳᠦᠵᠢᠭᠤᠯᠵᠠᠢ᠃ ᠤᠯᠠᠭᠠᠨᠬᠤᠳᠠ ᠤᠯᠠᠨ ᠲᠦᠮᠡᠨ ᠤ ᠡᠷᠡᠬᠦᠯ ᠮᠡᠨᠳᠤ ᠶᠢ ᠬᠠᠮᠠᠭᠠᠯᠠᠬᠤ | ︽ᠡᠮᠦᠨ᠎ᠡ ᠹᠷᠤᠨᠲ ᠤᠨ ᠪᠠᠬᠢᠯᠡᠯᠳᠡ︾ ᠪᠤᠯᠤᠬᠰᠠᠨ ᠤ ᠬᠤᠪᠢ ᠳᠤ᠂ ᠬᠤᠳᠠ ᠶᠢᠨ ᠡᠮᠨᠡᠯᠬᠡ ᠶᠢᠨ ᠬᠤᠷᠢᠶ᠎ᠠ ᠪᠠᠷ | ᠲᠤᠯᠤᠭᠠᠶᠢᠯᠠᠬᠴᠢ ᠪᠤᠯᠭᠠᠵᠦ᠂ 6 ᠡᠷᠡᠬᠦᠯ ᠬᠠᠮᠠᠭᠠᠯᠠᠯ ᠤᠨ ᠬᠤᠷᠢᠶ᠎ᠠ᠂ 8 ᠨᠡᠶᠢᠬᠡᠮ ᠲᠤᠭᠤᠷᠢᠭ ᠤᠨ ᠡᠷᠡᠬᠦᠯ | ᠬᠠᠮᠠᠭᠠᠯᠠᠯ ᠤᠨ ᠦᠢᠯᠡᠴᠢᠯᠡᠬᠡᠨ ᠤ ᠲᠦᠪ ᠵᠢᠴᠢ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠲᠦᠪ ᠪᠠ ᠡᠬᠡ | ᠨᠢᠯᠬᠠᠰ ᠤᠨ ᠡᠷᠡᠬᠦᠯᠵᠢᠯ ᠤᠨ ᠬᠤᠷᠢᠶ᠎ᠠ ᠵᠡᠷᠭᠡ ᠲᠤᠰᠬᠠᠢ ᠪᠠᠶᠢᠭᠤᠯᠤᠮᠵᠢ ᠲᠠᠢ ᠬᠤᠯᠪᠤᠭᠠᠯᠠᠨ᠂ ᠪᠦᠬᠦ ᠲᠠᠯ᠎ᠠ ᠶᠢᠨ | ᠤᠯᠠᠨ ᠲᠠᠪᠬᠤᠷᠭ᠎ᠠ ᠶᠢᠨ ᠡᠮᠴᠢᠯᠡᠬᠡᠨ ᠤ ᠦᠢᠯᠡᠴᠢᠯᠡᠬᠡᠨ ᠤ ᠲᠤᠤᠷ ᠢ ᠪᠠᠶᠢᠭᠤᠯᠵᠠᠢ᠃ ᠤᠶᠤᠨᠴᠢᠯᠠᠬᠰᠠᠨ | ᠪᠠᠶᠢᠭᠤᠯᠤᠯᠳᠠ ᠨᠢ ᠬᠦᠴᠢᠷ ᠠᠰᠠᠭᠤᠳᠠᠯ ᠢ ᠰᠶᠢᠳᠪᠦᠷᠢᠯᠡᠬᠦ ᠵᠠᠩᠬᠢᠯᠠᠭ᠎ᠠ ᠪᠤᠯᠵᠦ᠂ ᠡᠮᠴᠢᠯᠡᠬᠡᠨ ᠤ ᠬᠠᠮᠳᠤ ᠶᠢᠨ | ᠴᠤᠬᠴᠠ ᠶᠢᠨ ᠡᠮᠨᠡᠯᠬᠡ ᠶᠢᠨ ᠬᠤᠷᠢᠶ᠎ᠠ ︽ᠦᠨᠳᠦᠰᠦᠨ ᠱᠠᠳᠦᠨ ᠳᠤ ᠪᠠᠶᠢᠴᠠᠭᠠᠬᠤ + ᠬᠤᠳᠠ ᠶᠢᠨ ᠱᠠᠳᠦᠨ ᠳᠤ | ᠤᠨᠤᠰᠢᠯᠠᠬᠤ︾ ᠤᠶᠤᠨᠴᠢᠯᠠᠬᠰᠠᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠬᠠᠮᠵᠢᠯᠴᠠᠬᠰᠠᠨ ᠦᠢᠯᠡᠴᠢᠯᠡᠬᠡᠨ ᠤ | ᠲᠡᠪᠴᠡᠩ ᠢ ᠪᠠᠶᠢᠭᠤᠯᠵᠦ᠂ ᠵᠢᠷᠤᠭ ᠲᠦᠷᠰᠦ᠂ ᠵᠢᠷᠦᠬᠡᠨ ᠴᠠᠬᠢᠯᠭᠠᠨ ᠤ ᠲᠤᠭ᠎ᠠ ᠪᠠᠷᠢᠮᠳᠠ ᠶᠢ ᠬᠠᠮᠳᠤᠪᠡᠷ ᠡᠳ᠋ᠯᠡᠬᠦ ᠶᠢ | ᠪᠡᠶᠡᠯᠡᠬᠦᠯᠵᠦ᠂ DR ᠠᠯᠦᠰ ᠡᠵᠡᠮᠰᠢᠯ ᠢᠶᠠᠷ 7274 ᠬᠦᠮᠦᠨ ︵ᠤᠳᠠᠭ᠎ᠠ︶ ᠤ ᠡᠪᠡᠳᠴᠢᠨ ᠢ ᠤᠨᠤᠰᠢᠯᠠᠵᠦ᠂ | ᠦᠨᠳᠦᠰᠦᠨ ᠱᠠᠳᠦᠨ ᠳᠤ ᠪᠠᠶᠢᠴᠠᠭᠠᠬᠤ᠂ ᠲᠡᠭᠡᠷ᠎ᠡ ᠱᠠᠳᠦᠨ ᠳᠤ ᠤᠨᠤᠰᠢᠯᠠᠨ ᠵᠠᠰᠠᠬᠤ ᠪᠦᠷᠬᠦᠯᠳᠡ ᠶᠢᠨ ᠬᠡᠮᠵᠢᠶ᠎ᠡ | 100% ᠬᠦᠷᠴᠦ᠂ ᠤᠯᠠᠨ ᠲᠦᠮᠡᠨ ᠡᠬᠦᠳᠡᠨ ᠡᠮᠦᠨ᠎ᠡ ᠪᠠᠨ ᠬᠤᠶᠠᠳᠤᠭᠠᠷ ᠲᠡᠰ ᠤᠨ ᠡᠮᠨᠡᠯᠬᠡ ᠶᠢᠨ ᠬᠤᠷᠢᠶ᠎ᠠ ᠶᠢᠨ | ᠰᠢᠯᠢᠳᠡᠭ ᠦᠢᠯᠡᠴᠢᠯᠡᠭᠡ ᠶᠢ ᠤᠯᠵᠦ ᠬᠦᠷᠳᠡᠬᠦ ᠪᠤᠯᠵᠠᠢ᠃ | ᠰᠢᠯᠢᠳᠡᠭ ᠡᠮᠴᠢᠯᠡᠬᠡᠨ ᠤ ᠦᠢᠯᠡᠴᠢᠯᠡᠭᠡ ᠶᠢ ᠲᠤᠷᠤᠬᠰᠢ ᠪᠠᠭᠤᠯᠭᠠᠬᠤ ᠶᠢ ᠠᠬᠢᠭᠤᠯᠵᠦ᠂ ᠦᠨᠳᠦᠰᠦᠨ | ᠱᠠᠳᠦᠨ ᠤ ᠦᠢᠯᠡᠴᠢᠯᠡᠬᠡᠨ ᠤ ᠪᠠᠳᠦᠯᠠᠭ᠎ᠠ ᠶᠢᠨ ᠲᠤᠤᠷ ᠢ ᠰᠦᠯᠵᠢᠵᠡᠢ᠃ ︽ᠴᠢᠳᠠᠪᠦᠷᠢᠳᠠᠨ + ᠮᠡᠷᠬᠡᠵᠢᠯ︾ ᠢ | ᠲᠤᠷᠤᠬᠰᠢ ᠪᠠᠭᠤᠯᠭᠠᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ | ᠠᠮᠢᠰᠬᠤᠯ ᠤᠨ ᠰᠢᠰᠲ᠋ᠧᠮ ᠤᠨ ᠡᠪᠡᠳᠴᠢᠨ ᠤ ᠰᠠᠯᠠᠭ᠎ᠠ᠂ ᠵᠢᠷᠦᠬᠡᠨ ᠡᠪᠡᠳᠴᠢᠨ ᠤ ᠲᠤᠳᠤᠷ ᠰᠠᠯᠠᠭ᠎ᠠ᠂ ᠡᠮᠡᠭᠳᠡᠢ ᠶᠢᠨ | ᠡᠪᠡᠳᠴᠢᠨ ᠬᠦᠡᠭᠭᠡᠵᠢᠯᠳᠡ ᠶᠢᠨ ᠰᠠᠯᠠᠭ᠎ᠠ ᠵᠡᠷᠭᠡ 12 ᠰᠠᠯᠠᠭ᠎ᠠ ᠲᠠᠰᠤᠭ ᠤᠨ 19 ᠭᠤᠤᠯᠯᠠᠬᠴᠢ ᠡᠮᠴᠢ ᠶᠢ | ᠦᠨᠳᠦᠰᠦᠨ ᠱᠠᠳᠦᠨ ᠳᠤ ᠲᠤᠮᠢᠯᠠᠨ ᠰᠠᠭᠤᠯᠭᠠᠵᠦ᠂ ᠲᠤᠰᠬᠠᠢ ᠮᠡᠷᠬᠡᠵᠢᠯᠳᠡᠨ ᠤ ᠡᠬᠦᠳᠡᠨ ᠡᠮᠨᠡᠯᠬᠡ ᠲᠤᠬᠢᠷᠠᠭᠤᠯᠵᠦ᠂ | 2024 ᠤᠨ ᠳᠤ ᠠᠵᠢᠯ ᠢᠶᠠᠨ ᠦᠷᠨᠢᠬᠦᠯᠦᠭᠰᠡᠨ ᠠᠴᠠ ᠨᠠᠭᠠᠰᠢ ᠨᠡᠶᠢᠳᠡ 2956 ᠬᠦᠮᠦᠨ ᠤ ᠡᠪᠡᠳᠴᠢᠨ ᠢ | ᠤᠨᠤᠰᠢᠯᠠᠨ ᠵᠠᠰᠠᠵᠦ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠬᠤᠷᠢᠶ᠎ᠠ ᠠᠴᠠ 413 ᠡᠪᠡᠳᠴᠢᠨ ᠤ ᠵᠢᠱᠢᠶ᠎ᠡ ᠶᠢ | ᠲᠡᠭᠡᠷ᠎ᠡ ᠱᠠᠳᠦᠨ ᠤ ᠡᠮᠨᠡᠯᠬᠡ ᠶᠢᠨ ᠬᠤᠷᠢᠶᠠᠨ ᠳᠤ ᠲᠠᠮᠵᠢᠭᠤᠯᠵᠠᠢ᠃ 2025 ᠤᠨ ᠤ ᠨᠢᠭᠡᠳᠦᠭᠡᠷ ᠤᠯᠠᠷᠢᠯ ᠳᠤ 12 | ᠨᠡᠷᠡᠰ ᠲᠤᠰᠬᠠᠢ ᠮᠡᠷᠭᠡᠵᠢᠯᠳᠡᠨ ᠭᠠᠴᠠᠭ᠎ᠠ ᠲᠤᠰᠬᠤᠨ ᠢᠶᠠᠷ ᠬᠦᠨᠵᠡᠬᠡᠶᠢᠷᠡᠨ ᠨᠠᠶᠠ ᠭᠠᠷᠦᠢ ᠡᠪᠡᠳᠴᠢᠳᠡᠳ ᠲᠤ ᠡᠷᠡᠬᠦᠯ | ᠮᠡᠨᠳᠤ ᠶᠢᠨ ᠰᠢᠭᠰᠢᠨ ᠪᠠᠶᠢᠴᠠᠭᠠᠯᠳᠠ᠂ ᠵᠢᠯᠤᠭᠤᠳᠤᠯᠭ᠎ᠠ ᠵᠡᠷᠭᠡ ᠪᠦᠬᠦ ᠶᠠᠪᠤᠴᠠ ᠶᠢᠨ ᠡᠷᠡᠬᠦᠯ ᠮᠡᠨᠳᠤ ᠶᠢᠨ | ᠬᠠᠮᠢᠶᠠᠷᠦᠯᠳᠠ ᠶᠢᠨ ᠦᠢᠯᠡᠴᠢᠯᠡᠭᠡ ᠬᠠᠨᠭ᠍ᠭᠠᠵᠠᠢ᠃ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠦᠨᠳᠦᠰᠦᠨ ᠱᠠᠳᠦᠨ ᠤ ᠲᠤᠳᠠᠭᠤᠳᠠᠯ ᠳᠤ ᠴᠢᠭᠯᠡᠬᠦᠯᠦᠨ᠂ 2025 ᠤᠨ ᠳᠤ 6 ᠬᠤᠭᠤᠴᠠᠭᠠᠨ ᠤ | ᠲᠤᠬᠠᠶᠢᠯᠠᠬᠰᠠᠨ ᠠᠵᠢᠯ ᠤᠨ ᠪᠤᠯᠪᠠᠰᠦᠷᠠᠯ᠂ 8 ᠲᠠᠯᠠᠪᠦᠷ ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ ᠬᠢᠵᠦ᠂ 500 | ᠭᠠᠷᠦᠢ ᠤᠯᠠᠨ ᠲᠦᠮᠡᠨ ᠪᠠ ᠦᠨᠳᠦᠰᠦᠨ ᠱᠠᠳᠦᠨ ᠤ ᠰᠤᠪᠢᠯᠠᠬᠴᠢ ᠨᠠᠷ ᠠᠰᠢᠭ ᠬᠦᠷᠳᠡᠵᠡᠢ᠃ ᠠᠷᠬᠠᠭ | ᠡᠪᠡᠳᠴᠢᠨ ᠤ ᠬᠠᠮᠢᠶᠠᠷᠦᠯᠳᠠ ᠶᠢᠨ ᠲᠡᠪᠴᠡᠩ ᠢ ᠠᠳᠠᠯᠢ ᠠᠯᠬᠤᠮ ᠢᠶᠠᠷ ᠠᠵᠢᠯᠯᠠᠭᠤᠯᠵᠦ᠂ 40 ᠲᠦᠮᠡᠨ ᠬᠤᠪᠢ | ᠡᠯᠧᠺᠲᠷᠤᠨ ᠡᠷᠡᠬᠦᠯ ᠮᠡᠨᠳᠤ ᠶᠢᠨ ᠲᠠᠩᠰᠠ ᠶᠢ ᠬᠦᠳᠡᠯᠦᠩᠬᠦᠢ ᠪᠠᠷ ᠬᠠᠮᠢᠶᠠᠷᠴᠦ᠂ 11454 ᠨᠡᠷᠡᠰ ᠴᠢᠰᠦᠨ | ᠲᠠᠷᠦᠯᠳᠠ ᠦᠨᠳᠦᠷ ᠡᠪᠡᠳᠴᠢᠨ ᠲᠠᠢ ᠬᠦᠮᠦᠠ᠂ 13302 ᠨᠡᠷᠡᠰ ᠰᠢᠬᠢᠷ ᠰᠢᠵᠢᠩ ᠡᠪᠡᠳᠴᠢᠨ ᠲᠠᠢ ᠬᠦᠮᠦᠡ ᠳᠤ | ︽ᠦᠨᠳᠦᠰᠦᠨ ᠱᠠᠳᠦᠨ ᠳᠤ ᠲᠠᠩᠰᠠ ᠪᠠᠶᠢᠭᠤᠯᠬᠤ — ᠶᠡᠷᠦᠩᠭᠡᠢ ᠡᠮᠨᠡᠯᠬᠡ ᠶᠢᠨ ᠬᠤᠷᠢᠶ᠎ᠠ ᠤᠨᠤᠰᠢᠯᠠᠬᠤ — | ᠱᠠᠳᠦ ᠬᠤᠪᠢᠶᠠᠨ ᠬᠢᠨᠠᠬᠤ︾ ᠪᠢᠳᠡᠬᠦᠮᠵᠢᠯᠡᠭᠰᠡᠨ ᠬᠠᠮᠢᠶᠠᠷᠦᠯᠳᠠ ᠶᠢ ᠬᠡᠷᠡᠭᠵᠢᠬᠦᠯᠵᠦ᠂ ᠤᠯᠠᠨ ᠲᠦᠮᠡᠨ ᠤ ᠡᠷᠡᠬᠦᠯ | ᠮᠡᠨᠳᠤ ᠶᠢ ᠰᠠᠶᠢᠳᠦᠷ ᠬᠠᠮᠠᠭᠠᠯᠠᠵᠠᠢ᠃ | ︽ᠡᠪᠡᠳᠴᠢᠨ ᠦᠵᠡᠬᠦᠯᠬᠦ ᠳᠤ ᠬᠤᠯᠠ ᠪᠦᠭᠡᠤᠨ ᠬᠦᠴᠢᠷ︾ ᠪᠠᠶᠢᠬᠰᠠᠨ ᠠᠴᠠ ︽ᠬᠡᠷ ᠤᠨ | ᠡᠬᠦᠳᠡᠨ ᠳᠡᠭᠡᠨ ᠲᠤᠰᠬᠠᠢ ᠮᠡᠷᠬᠡᠵᠢᠯᠳᠡᠨ ᠢᠶᠠᠷ ᠡᠪᠡᠳᠴᠢᠨ ᠢᠶᠠᠨ ᠦᠵᠡᠬᠦᠯᠴᠢᠬᠡᠬᠦ ᠪᠦᠭᠡᠳ ᠪᠦᠬᠦ ᠶᠠᠪᠤᠴᠠ ᠶᠢ | ᠬᠠᠮᠢᠶᠠᠷᠬᠤ︾ ᠶᠢ ᠪᠡᠶᠡᠯᠡᠬᠦᠯᠬᠦ ᠪᠠᠷ ᠵᠤᠷᠢᠯᠭ᠎ᠠ ᠪᠤᠯᠭᠠᠵᠦ᠂ ᠤᠯᠠᠭᠠᠨᠬᠤᠳᠠ ᠨᠢᠬᠳᠠᠷᠠᠬᠰᠠᠨ ᠬᠡᠯᠪᠡᠷᠢ ᠶᠢᠨ | ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠶᠢ ᠪᠠᠳᠦᠳᠠᠢ ᠠᠬᠢᠭᠤᠯᠵᠦ᠂ ︽ᠡᠷᠡᠬᠦᠯ ᠡᠩᠬᠡ | ᠤᠯᠠᠭᠠᠨᠬᠤᠳᠠ︾ ᠶᠢᠨ ᠠᠷᠠᠳ ᠤᠨ ᠠᠮᠢᠳᠦᠷᠠᠯ ᠤᠨ ᠬᠠᠭᠤᠳᠠᠰᠦ ᠶᠢ ᠴᠢᠷᠮᠠᠶᠢᠨ ᠪᠢᠴᠢᠭᠯᠡᠵᠦ ᠪᠤᠢ᠃ ︵ᠬᠠᠨ᠎ᠠ︶ | | | | |