| ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ | ᠨᠠᠮ ᠤᠨ ᠲᠦᠪ ᠬᠤᠷᠢᠶ᠎ᠠ ᠶᠢᠨ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠬᠦᠭᠵᠢᠯᠳᠠ ᠶᠢ ᠲᠡᠮᠵᠢᠬᠦ ᠡᠯ᠎ᠠ | ᠲᠦᠷᠤᠯ ᠤᠨ ᠰᠶᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠨᠢᠭᠡᠳᠤᠭᠡᠷ | ᠬᠤᠭᠤᠴᠠᠭᠠᠨ ᠤ ᠶᠢᠰᠤᠳᠤᠭᠡᠷ ᠪᠦᠬᠦᠳᠠ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠤᠬᠢᠶᠠᠨ ᠪᠠᠶᠢᠭᠤᠯᠤᠨ ᠦᠷᠨᠢᠬᠦᠯᠥᠭᠰᠡᠨ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠱᠠᠭᠠᠷᠳᠠᠯᠭ᠎ᠠ ᠲᠠᠢ | ᠤᠶᠠᠯᠳᠤᠭᠤᠯᠤᠨ᠂ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ | ᠲᠦᠪᠯᠡᠷᠡᠬᠦᠯᠤᠨ᠂ ᠭᠠᠶᠢᠯᠢ ᠲᠠᠳᠠᠪᠤᠷᠢᠯᠠᠬᠤ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠰᠢᠯᠢᠳᠡᠭᠵᠢᠬᠦᠯᠵᠤ᠂ | ᠰᠢᠷᠢᠰ ᠰᠢᠨ᠎ᠠ ᠠᠷᠭ᠎ᠠ ᠠᠪᠴᠠᠯ ᠪᠠ ᠰᠢᠯᠢᠳᠡᠭ ᠦᠢᠯᠡᠴᠢᠯᠡᠭᠡ ᠪᠠᠷ ᠠᠷᠠᠳ ᠤᠨ ᠡᠵᠡᠩᠨᠡᠯᠳᠠ ᠶᠢᠨ ᠠᠵᠤ | ᠠᠬᠤᠶᠢᠯᠠᠯ ᠤᠨ ᠪᠤᠵᠠᠭᠠᠶᠢᠷᠠᠨ ᠬᠦᠴᠤᠷᠬᠡᠭᠵᠢᠬᠦ ᠳᠤ ᠬᠦᠴᠤᠨ ᠨᠡᠮᠡᠷᠢᠯᠡᠵᠤ ᠪᠠᠶᠢᠨ᠎ᠠ᠃ | ᠷᠠᠰᠢᠶᠠᠨ ᠬᠤᠳᠠ ᠨᠢ ᠷᠠᠰᠢᠶᠠᠨ ᠤᠰᠤ ᠪᠠᠷ ᠨᠡᠷ᠎ᠡ ᠠᠯᠳᠠᠷᠰᠢᠵᠤ᠂ ᠬᠢᠩᠭᠠᠨ ᠠᠶᠢᠮᠠᠭ ᠤᠨ ᠭᠠᠶᠢᠯᠢ ᠶᠢᠨ | ᠶᠠᠪᠤᠳᠠᠯ ᠤᠨ ᠲᠤᠪᠴᠢᠶ᠎ᠠ ᠢᠮᠠᠭᠳᠠ ︽ᠬᠦᠬᠡᠮᠳᠥᠭ ᠨᠤᠭᠤᠭᠠᠨ ᠠᠭᠤᠯᠠ ᠤᠰᠤ ᠪᠤᠯ ᠠᠯᠳᠠ ᠮᠦᠩᠬᠦᠨ ᠠᠭᠤᠯᠠ︾ | ᠭᠡᠬᠦ ᠪᠠᠷ ᠤᠨᠤᠯᠵᠢᠬᠤᠨ ᠪᠤᠯᠭᠠᠨ᠂ ᠷᠠᠰᠢᠶᠠᠨ ᠤᠰᠤᠨ ᠤ ᠠᠵᠤ ᠦᠢᠯᠡᠰ ᠤᠨ ᠡᠷᠡᠬᠦᠯ ᠴᠢᠬᠢᠷᠠᠭ ᠬᠦᠭᠵᠢᠯᠳᠠ ᠶᠢ | ᠠᠬᠢᠭᠤᠯᠵᠤ᠂ ᠪᠠᠶᠢᠭᠠᠯᠢ ᠶᠢᠨ ᠲᠠᠪᠠᠭᠤᠯᠢᠭ᠂ ᠠᠮᠢ ᠠᠬᠤᠢ ᠶᠢᠨ ᠲᠠᠪᠠᠭᠤᠯᠢᠭ ᠢ ᠠᠵᠤ ᠠᠬᠤᠢ ᠶᠢᠨ ᠲᠠᠪᠠᠭᠤᠯᠢᠭ᠂ | ᠬᠦᠭᠵᠢᠯᠳᠠ ᠶᠢᠨ ᠲᠠᠪᠠᠭᠤᠯᠢᠭ ᠪᠤᠯᠭᠠᠪᠠ᠃ | ᠷᠠᠰᠢᠶᠠᠨ ᠢᠯᠢ ᠪᠠᠶᠢᠭᠠᠯᠢ ᠶᠢᠨ ᠷᠠᠰᠢᠶᠠᠨ ᠤᠰᠤᠨ ᠤ ᠬᠢᠵᠠᠭᠠᠷᠳᠤ ᠺᠤᠮᠫᠠᠨᠢ ᠨᠢ ᠢᠯᠢ ᠪᠦᠯᠥᠭᠯᠡᠯ ᠤᠨ ᠲᠡᠳ᠋ | ᠺᠤᠮᠫᠠᠨᠢ ᠪᠤᠯᠤᠭᠰᠠᠨ ᠤ ᠬᠤᠪᠢ ᠳᠤ᠂ ᠷᠠᠰᠢᠶᠠᠨ ᠬᠤᠳᠠ ᠶᠢᠨ ᠷᠠᠰᠢᠶᠠᠨ ᠤᠰᠤᠨ ᠤ ᠠᠵᠤ ᠦᠢᠯᠡᠰ ᠤᠨ | ᠭᠤᠤᠯᠳᠠᠯᠭ᠎ᠠ ᠲᠠᠢ ᠠᠵᠤ ᠠᠬᠤᠶᠢᠯᠠᠯ ᠪᠠ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠲᠦᠯᠤᠭᠡᠯᠡᠭᠴᠢ | ᠪᠤᠯᠤᠨ᠎ᠠ᠃ 2019 ᠤᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠲᠤᠰ ᠠᠵᠤ ᠠᠬᠤᠶᠢᠯᠠᠯ ᠤᠨ ᠡᠬᠢ | ᠪᠠᠶᠠᠯᠢᠬ ᠤᠨ ᠭᠠᠶᠢᠯᠢ ᠲᠠᠳᠠᠪᠤᠷᠢᠯᠠᠬᠤ ᠨᠤᠷᠮ᠎ᠠ ᠠᠵᠤ ᠠᠬᠤᠶᠢᠯᠠᠯ ᠤᠨ ᠡᠯ᠎ᠠ ᠲᠦᠷᠤᠯ ᠤᠨ ᠭᠠᠶᠢᠯᠢ ᠶᠢᠨ ᠮᠦᠩᠬᠦ ᠶᠢᠨ | ᠡᠮᠤᠨ᠎ᠠ ᠵᠢᠭᠰᠠᠭᠠᠭᠳᠠᠵᠤ᠂ ᠡᠬᠢ ᠪᠠᠶᠠᠯᠢᠭ ᠤᠨ ᠭᠠᠶᠢᠯᠢ ᠶᠢᠨ ᠡᠬᠦᠷᠭᠡᠯᠡᠯ ᠨᠡᠯᠢᠶᠡᠳ ᠬᠦᠨᠳᠤ ᠪᠠᠶᠢᠬᠤ ᠠᠰᠠᠭᠤᠳᠠᠯ ᠨᠢ | ᠠᠵᠤ ᠠᠬᠤᠶᠢᠯᠠᠯ ᠤᠨ ᠬᠦᠭᠵᠢᠯᠳᠠ ᠶᠢ ᠨᠦᠯᠤᠭᠡᠯᠡᠬᠦ ᠠᠰᠢᠭ ᠦᠭᠡᠢ ᠡᠯᠧᠮᠧᠨ᠋ᠲ ᠪᠤᠯᠪᠠ᠃ | ᠠᠵᠤ ᠠᠬᠤᠶᠢᠯᠠᠯ ᠤᠨ ᠬᠦᠭᠵᠢᠯᠳᠠ ᠳᠤ ᠲᠤᠯᠭᠠᠷᠠᠭᠰᠠᠨ ᠬᠦᠴᠢᠷᠳᠠᠯ ᠳᠤ ᠬᠠᠨᠳᠤᠭᠤᠯᠤᠨ᠂ ᠬᠢᠩᠭᠠᠨ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠷᠠᠰᠢᠶᠠᠨ ᠬᠤᠳᠠ ᠶᠢᠨ ᠭᠠᠶᠢᠯᠢ ᠶᠢᠨ ᠶᠠᠪᠤᠳᠠᠯ ᠤᠨ | ᠲᠤᠪᠴᠢᠶ᠎ᠠ ᠶᠢᠨ ᠵᠠᠯᠠᠭᠤ ᠺᠠᠳ᠋ᠷ ᠤᠯᠠᠨ ᠪᠠᠶᠢᠬᠤ ᠲᠠᠪᠠᠭᠤᠯᠢᠭ ᠲᠠᠢ ᠤᠶᠠᠯᠳᠤᠭᠤᠯᠤᠨ᠂ ᠵᠠᠯᠠᠭᠤ ᠭᠤᠤᠯᠯᠠᠭᠴᠢ ᠭᠠᠶᠢᠯᠢ | ᠲᠠᠳᠠᠪᠤᠷᠢᠯᠠᠬᠤ ᠠᠵᠤ ᠠᠬᠤᠢ ᠶᠢᠨ ᠵᠠᠳᠠᠯᠤᠯᠳᠠ ᠶᠢᠨ ᠪᠦᠯᠬᠦᠮ ᠢ ᠵᠤᠬᠢᠶᠠᠨ ᠪᠠᠶᠢᠭᠤᠯᠵᠤ᠂ ᠬᠢᠩᠭᠠᠨ ᠠᠶᠢᠮᠠᠭ ᠤᠨ | ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠤᠳᠤᠷᠢᠳᠤᠯᠭ᠎ᠠ ᠠᠴᠠ ᠲᠠᠶᠢᠴᠢᠯᠠᠨ ᠲᠠᠭᠠᠭᠤᠯᠵᠤ᠂ ᠷᠠᠰᠢᠶᠠᠨ ᠤᠰᠤᠨ ᠤ | ᠠᠵᠤ ᠦᠢᠯᠡᠰ ᠲᠤ ᠬᠦᠨᠵᠡᠭᠡᠶᠢᠷᠡᠨ ᠭᠠᠶᠢᠯᠢ ᠲᠠᠳᠠᠪᠤᠷᠢᠯᠠᠬᠤ ᠲᠤᠭ᠎ᠠ ᠪᠠᠷᠢᠮᠳᠠ ᠶᠢ ᠠᠭᠤᠳᠠᠯᠯᠠᠭᠰᠠᠨ ᠤ ᠬᠠᠮᠳᠤ | ᠷᠠᠰᠢᠶᠠᠨ ᠬᠤᠳᠠ ᠶᠢᠨ ᠷᠠᠰᠢᠶᠠᠨ ᠤᠰᠤᠨ ᠤ ᠠᠵᠤ ᠠᠬᠤᠶᠢᠯᠠᠯ ᠳᠤ ᠪᠠᠶᠢᠴᠠᠭᠠᠯᠳᠠ ᠬᠢᠵᠤ᠂ ᠠᠵᠤ ᠠᠬᠤᠶᠢᠯᠠᠯ ᠤᠨ | ᠦᠢᠯᠡᠳᠪᠤᠷᠢᠯᠡᠬᠦ᠂ ᠬᠠᠩᠭᠠᠯᠭ᠎ᠠ ᠪᠠ ᠪᠤᠷᠤᠯᠠᠭᠤᠯᠭ᠎ᠠ ᠶᠢᠨ ᠬᠡᠪᠴᠢᠶ᠎ᠠ ᠵᠢᠴᠢ ᠭᠠᠶᠢᠯᠢ ᠶᠢᠨ ᠡᠬᠦᠷᠭᠡᠯᠡᠯ ᠤᠨ ᠪᠠᠶᠢᠳᠠᠯ ᠢ | ᠨᠠᠷᠢᠨ ᠤᠶᠢᠯᠠᠭᠠᠪᠠ᠃ ᠪᠠᠶᠢᠴᠠᠭᠠᠯᠳᠠ ᠪᠠᠷ ᠲᠠᠮᠵᠢᠨ ᠤᠯᠵᠤ ᠮᠡᠳᠡᠭᠰᠡᠨ ᠨᠢ᠂ ᠡᠬᠢ ᠪᠠᠶᠠᠯᠢᠭ ᠤᠨ ᠭᠠᠶᠢᠯᠢ ᠶᠢᠨ | ᠡᠬᠦᠷᠭᠡᠯᠡᠯ ᠨᠡᠯᠢᠶᠡᠳ ᠬᠦᠨᠳᠤ ᠪᠠᠶᠢᠬᠤ ᠶᠢᠨ ᠭᠤᠤᠯ ᠰᠢᠯᠳᠠᠭᠠᠨ ᠪᠤᠯ ᠦᠪᠠᠷᠳᠡᠭᠡᠨ ᠵᠠᠰᠠᠬᠤ ᠤᠷᠤᠨ ᠤ ᠷᠠᠰᠢᠶᠠᠨ | ᠤᠰᠤᠨ ᠤ ᠡᠬᠢ ᠪᠠᠶᠠᠯᠢᠭ ᠤᠨ ᠭᠠᠶᠢᠯᠢ ᠳᠤ ᠦᠨ᠎ᠠ ᠪᠠᠷ ᠪᠤᠳᠤᠵᠤ ᠲᠠᠳᠠᠪᠤᠷᠢᠯᠠᠬᠤ ᠭᠠᠶᠢᠯᠢ ᠪᠤᠳᠤᠬᠤ ᠠᠷᠭ᠎ᠠ | ᠮᠠᠶ᠋ᠢᠭ ᠢ ᠬᠡᠷᠡᠭᠵᠢᠬᠦᠯᠥᠭᠰᠡᠨ ᠠᠴᠠ ᠪᠤᠯᠵᠠᠢ᠃ ᠦᠪᠠᠷᠳᠡᠭᠡᠨ ᠵᠠᠰᠠᠬᠤ ᠤᠷᠤᠨ ᠤ ᠷᠠᠰᠢᠶᠠᠨ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠡᠬᠦᠷᠭᠡᠯᠡᠯ ᠨᠢ ᠪᠦᠬᠦ ᠤᠯᠤᠰ ᠲᠤ ᠨᠡᠯᠢᠶᠡᠤᠨ ᠦᠨᠳᠤᠷ ᠲᠦᠪᠰᠢᠨ ᠳᠤ ᠤᠷᠤᠰᠢᠵᠤ᠂ | ᠠᠳᠠᠯᠢ ᠪᠠᠶᠢᠳᠠᠯ ᠲᠤᠤᠷ᠎ᠠ ᠡᠬᠢ ᠪᠠᠶᠠᠯᠢᠭ ᠤᠨ ᠭᠠᠶᠢᠯᠢ ᠶᠢᠨ ᠡᠬᠦᠷᠭᠡᠯᠡᠯ ᠨᠢ ᠬᠦᠷᠰᠢ ᠵᠡᠷᠭᠡᠯᠡᠳᠡᠭᠡ ᠬᠢᠷᠢᠨ ᠮᠤᠵᠢ ᠶᠢᠨ | 7 ᠲᠠᠬᠢᠨ ᠠᠴᠠ ᠲᠡᠭᠡᠭᠰᠢ ᠪᠠᠶᠢᠵᠤ᠂ ᠠᠵᠤ ᠠᠬᠤᠶᠢᠯᠠᠯ ᠤᠨ ᠦᠢᠯᠡᠳᠪᠤᠷᠢᠯᠡᠯ ᠢᠶᠠᠨ ᠦᠷᠭᠡᠳᠭᠡᠬᠦ ᠳᠤ ᠵᠤᠬᠢᠬᠤ | ᠬᠡᠮᠵᠢᠶᠠᠨ ᠤ ᠡᠳ᠋ ᠤᠨ ᠶᠠᠪᠤᠳᠠᠯ ᠤᠨ ᠲᠠᠷᠤᠭᠠᠰᠤ ᠶᠢ ᠪᠤᠢ ᠪᠤᠯᠭᠠᠪᠠ᠃ ᠡᠬᠦᠨ ᠤ ᠬᠠᠮᠳᠤ᠂ ᠦᠨ᠎ᠠ ᠪᠠᠷ ᠭᠠᠶᠢᠯᠢ | ᠪᠤᠳᠤᠬᠤ ᠠᠷᠭ᠎ᠠ ᠮᠠᠶ᠋ᠢᠭ ᠨᠢ ᠦᠢᠯᠡᠳᠬᠦᠨ ᠤ ᠪᠤᠷᠤᠯᠠᠭᠤᠯᠤᠯᠳᠠ ᠶᠢᠨ ᠦᠨ᠎ᠠ ᠲᠠᠢ ᠰᠢᠭᠤᠳ ᠬᠤᠯᠪᠤᠭᠳᠠᠬᠤ ᠠᠴᠠ | ᠠᠵᠤ ᠠᠬᠤᠶᠢᠯᠠᠯ ᠲᠡᠭᠡᠳᠤ ᠲᠡᠰ᠂ ᠦᠨᠳᠤᠷ ᠨᠡᠮᠡᠯᠳᠠ ᠦᠷᠳᠡᠭ ᠲᠠᠢ ᠦᠢᠯᠡᠳᠬᠦᠨ ᠢ ᠦᠢᠯᠡᠳᠪᠤᠷᠢᠯᠡᠬᠦ ᠳᠤ ᠨᠡᠩ | ᠤᠯᠠᠨ ᠭᠠᠶᠢᠯᠢ ᠲᠤᠰᠢᠶᠠᠬᠤ ᠪᠤᠯᠵᠠᠢ᠃ | ᠲᠤᠰ ᠠᠵᠤ ᠠᠬᠤᠶᠢᠯᠠᠯ ᠤᠨ ᠬᠡᠷᠡᠭᠴᠡᠭᠡ ᠶᠢ ᠤᠶᠢᠯᠠᠭᠠᠭᠰᠠᠨ ᠤ ᠲᠠᠷᠠᠭ᠎ᠠ ᠬᠢᠩᠭᠠᠨ ᠠᠶᠢᠮᠠᠬ ᠤᠨ | ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ᠨᠠᠮ ᠤᠨ ᠬᠤᠷᠢᠶ᠎ᠠ ᠠᠴᠠ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠡᠳ᠋ | ᠬᠦᠷᠤᠩᠭᠡ ᠶᠢᠨ ᠦᠢᠯᠠ ᠠᠵᠢᠯᠯᠠᠭᠠᠨ ᠤ ᠭᠠᠶᠢᠯᠢ ᠶᠢᠨ ᠲᠠᠰᠤᠭ ᠠᠴᠠ ᠷᠠᠰᠢᠶᠠᠨ ᠬᠤᠳᠠ ᠶᠢᠨ ᠭᠠᠶᠢᠯᠢ ᠶᠢᠨ | ᠶᠠᠪᠤᠳᠠᠯ ᠤᠨ ᠲᠤᠪᠴᠢᠶ᠎ᠠ ᠲᠠᠢ ᠬᠠᠮᠳᠤᠷᠠᠵᠤ᠂ ᠬᠠᠮᠢᠶ᠎ᠠ ᠪᠦᠬᠦᠢ ᠲᠤᠰᠬᠠᠢ ᠰᠡᠳᠤᠪᠳᠤ ᠮᠡᠳᠡᠬᠦᠯᠤᠯᠳᠠ ᠪᠢᠴᠢᠪᠡ᠃ | ᠲᠤᠰ ᠮᠡᠳᠡᠭᠦᠯᠤᠯᠳᠠ ᠶᠢ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠷᠠᠰᠢᠶᠠᠨ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ᠠᠴᠠ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠦᠪᠠᠷᠳᠡᠭᠡᠨ ᠵᠠᠰᠠᠬᠤ | ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠵᠦᠪᠰᠢᠶᠡᠷᠡᠯ ᠢᠶᠠᠷ ᠷᠠᠰᠢᠶᠠᠨ ᠤᠰᠤᠨ ᠤ ᠡᠬᠢ | ᠪᠠᠶᠠᠯᠢᠭ ᠤᠨ ᠭᠠᠶᠢᠯᠢ ᠲᠠᠳᠠᠪᠤᠷᠢᠯᠠᠬᠤ ᠵᠢᠴᠢ ᠭᠠᠶᠢᠯᠢ ᠶᠢᠨ ᠨᠤᠷᠮ᠎ᠠ ᠶᠢ ᠵᠢᠩᠬᠢᠨᠢ ᠪᠠᠷ ᠦᠭᠡᠷᠡᠴᠢᠯᠡᠨ᠂ ᠠᠵᠤ | ᠠᠬᠤᠶᠢᠯᠠᠯ ᠤᠨ ᠷᠠᠰᠢᠶᠠᠨ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠡᠬᠦᠷᠭᠡᠯᠡᠯ ᠢ 80% ᠠᠴᠠ ᠲᠡᠭᠡᠭᠰᠢ | ᠪᠠᠭᠠᠰᠬᠠᠵᠤ᠂ ᠠᠵᠤ ᠠᠬᠤᠶᠢᠯᠠᠯ ᠤᠨ ᠦᠷᠬᠦᠯᠵᠢᠯᠡᠬᠦ᠋ᠴᠠ ᠬᠦᠭᠵᠢᠯᠳᠠ ᠳᠤ ᠬᠦᠴᠤᠨ ᠬᠠᠩᠭᠠᠪᠠ᠃ | ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠴᠠᠭ ᠲᠤᠬᠠᠢ ᠳᠤᠨᠢ ᠡᠯ᠎ᠠ ᠲᠦᠷᠤᠯ ᠤᠨ | ᠭᠠᠶᠢᠯᠢ ᠶᠢᠨ ᠰᠦᠢᠳᠭᠡᠯ ᠤᠨ ᠠᠰᠢᠭ ᠬᠦᠷᠳᠡᠭᠡᠬᠦ ᠲᠦᠷᠥ ᠶᠢᠨ ᠪᠤᠳᠤᠯᠭ᠎ᠠ ᠶᠢ ᠡᠳ᠋ᠯᠡᠬᠦ ᠶᠢ ᠪᠠᠳᠤᠯᠠᠬᠤ ᠪᠠᠷ᠂ ᠬᠢᠩᠭᠠᠨ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠠᠴᠠ ᠲᠠᠩᠰᠠᠯᠠᠭᠤᠯᠤᠭᠰᠠᠨ ᠨᠢᠭᠳᠠᠯᠠᠨ ᠪᠤᠳᠤᠭᠴᠢ᠂ | ᠬᠠᠥᠯᠢᠴᠢ ᠪᠠᠷ ᠪᠦᠷᠢᠯᠳᠥᠭᠰᠡᠨ ︽ᠭᠠᠶᠢᠯᠢ ᠲᠠᠳᠠᠪᠤᠷᠢᠯᠠᠬᠤ ᠤᠬᠠᠭᠠᠨᠳᠠᠨ ᠤ ᠪᠦᠯᠬᠦᠮ︾ ᠢ ᠵᠤᠬᠢᠶᠠᠨ ᠪᠠᠶᠢᠭᠤᠯᠵᠤ᠂ | ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠲᠦᠷᠤᠯ ᠵᠦᠢᠯ᠂ ᠬᠡᠪᠴᠢᠶ᠎ᠠ ᠵᠡᠷᠭᠡ ᠤᠨᠴᠠᠯᠢᠭ ᠢ ᠬᠦᠨᠵᠡᠭᠡᠢ | ᠵᠠᠳᠠᠯᠤᠨ᠂ ᠭᠠᠶᠢᠯᠢ ᠶᠢᠨ ᠶᠠᠪᠤᠳᠠᠯ ᠬᠢᠭᠡᠳ ᠠᠵᠤ ᠠᠬᠤᠶᠢᠯᠠᠯ ᠤᠨ ᠬᠠᠷᠢᠯᠴᠠᠭᠠᠨ ᠤ ᠪᠦᠯᠥᠭᠯᠡᠯ᠂ ᠡᠯᠧᠺᠲᠷᠤᠨ | ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠡᠷᠭᠡ ᠲᠠᠪᠴᠠᠩ ᠢ ᠠᠰᠢᠭᠯᠠᠵᠤ᠂ ᠭᠠᠶᠢᠯᠢ ᠲᠠᠳᠠᠪᠤᠷᠢᠯᠠᠬᠤ ᠠᠰᠢᠭ | ᠬᠦᠷᠳᠡᠭᠡᠬᠦ ᠲᠦᠷᠥ ᠶᠢᠨ ᠪᠤᠳᠤᠯᠭ᠎ᠠ ᠶᠢ ᠤᠨᠤᠴᠠᠳᠠᠢ ᠬᠦᠷᠭᠡᠬᠦ ᠶᠢ ᠪᠡᠶᠡᠯᠡᠬᠦᠯᠪᠡ᠃ ᠡᠬᠦᠨ ᠤ ᠬᠠᠮᠳᠤ᠂ ᠠᠵᠤ | ᠠᠬᠤᠶᠢᠯᠠᠯ ᠤᠨ ᠲᠦᠷᠥ ᠶᠢᠨ ᠪᠤᠳᠤᠯᠭ᠎ᠠ ᠶᠢ ᠤᠶᠢᠯᠠᠭᠠᠬᠤ ᠪᠠ ᠭᠤᠶᠤᠴᠢᠯᠠᠨ ᠮᠡᠳᠡᠬᠦᠯᠬᠦ ᠶᠠᠪᠤᠴᠠ ᠲᠤᠮᠳᠠ | ᠲᠤᠯᠭᠠᠷᠠᠭᠰᠠᠨ ᠠᠰᠠᠭᠤᠳᠠᠯ ᠢ ᠠᠵᠤ ᠠᠬᠤᠶᠢᠯᠠᠯ ᠳᠤ ᠬᠦᠨᠵᠡᠭᠡᠶᠢᠷᠡᠨ ᠵᠢᠯᠤᠭᠤᠳᠬᠤ ᠦᠢᠯᠡᠴᠢᠯᠡᠭᠡ ᠬᠠᠩᠭᠠᠬᠤ᠂ ︽ | ᠴᠡᠭ ᠠᠴᠠ ᠴᠡᠭ︾ ᠲᠤ ᠦᠢᠯᠡᠴᠢᠯᠡᠬᠦ ᠲᠤᠭᠳᠠᠴᠠ ᠪᠠᠷ ᠠᠰᠠᠭᠤᠳᠠᠯ ᠢ ᠰᠶᠢᠳᠪᠤᠷᠢᠯᠡᠬᠦ ᠶᠢ ᠠᠬᠢᠭᠤᠯᠤᠨ᠂ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠠᠯ ᠢ ᠤᠯᠠᠮ ᠨᠢᠭᠡ ᠠᠯᠬᠤᠮ ᠰᠢᠯᠢᠳᠡᠭᠵᠢᠬᠦᠯᠵᠤ᠂ ᠵᠠᠬ᠎ᠠ ᠲᠡᠯᠭᠡᠬᠦᠷ ᠤᠨ | ᠭᠤᠤᠯ ᠴᠤᠭᠴᠠ ᠶᠢᠨ ᠢᠳᠡᠪᠬᠢ ᠬᠦᠴᠤᠨ ᠢ ᠤᠷᠮᠠᠰᠢᠭᠤᠯᠪᠠ᠃ | ᠬᠢᠩᠭᠠᠨ ᠠᠶᠢᠮᠠᠭ ᠤᠨ ᠴᠧᠨ ᠰᠢᠥᠢ ᠰᠢᠨ᠎ᠠ ᠡᠨᠤᠷᠬᠢ ᠶᠢᠨ ᠬᠢᠵᠠᠭᠠᠷᠳᠤ ᠺᠤᠮᠫᠠᠨᠢ ᠳᠤ᠂ ᠬᠢᠩᠭᠠᠨ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢᠨ ︽ᠭᠠᠶᠢᠯᠢ ᠲᠠᠳᠠᠪᠤᠷᠢᠯᠠᠬᠤ ᠤᠬᠠᠭᠠᠨᠳᠠᠨ ᠤ ᠪᠦᠯᠬᠦᠮ︾ | ᠤᠨ ᠭᠡᠰᠢᠬᠦᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠲᠠᠢ ᠬᠦᠨᠵᠡᠭᠡᠢ ᠶᠠᠷᠢᠯᠴᠠᠵᠤ᠂ ᠠᠵᠤ ᠠᠬᠤᠶᠢᠯᠠᠯ ᠤᠨ | ᠪᠠᠶᠢᠳᠠᠯ ᠢ ᠬᠢᠨᠠᠮᠠᠭᠠᠢ ᠤᠶᠢᠯᠠᠭᠠᠨ᠎ᠠ᠃ ᠠᠵᠤ ᠠᠬᠤᠶᠢᠯᠠᠯ ᠤᠨ ᠲᠤᠷᠠᠳᠤᠭᠰᠠᠨ ᠪᠡᠯᠡ ᠮᠦᠩᠬᠦ ᠶᠢᠨ ᠪᠤᠴᠠᠯᠳᠠ | ᠤᠳᠠᠭᠠᠨ᠂ ᠡᠮᠤᠨᠡᠬᠢ ᠬᠤᠭᠤᠴᠠᠭᠠᠨ ᠤ ᠪᠡᠯᠡ ᠤᠷᠤᠭᠤᠯᠤᠯᠳᠠ ᠶᠡᠭᠡ ᠵᠡᠷᠭᠡ ᠠᠰᠠᠭᠤᠳᠠᠯ ᠳᠤ ᠬᠠᠨᠳᠤᠭᠤᠯᠤᠨ᠂ ᠠᠵᠤ | ᠠᠬᠤᠶᠢᠯᠠᠯ ᠢ ᠬᠠᠪᠰᠤᠷᠤᠨ ᠪᠡᠯᠡ ᠮᠦᠩᠬᠦ ᠶᠢᠨ ᠪᠠᠶᠢᠭᠤᠯᠤᠮᠵᠢ ᠲᠠᠢ ᠵᠤᠬᠢᠴᠠᠭᠤᠯᠤᠨ ᠵᠢᠭᠡᠯᠡᠯᠭᠡ ᠶᠢᠨ ᠬᠢᠨᠠᠨ | ᠵᠦᠪᠰᠢᠶᠡᠷᠡᠬᠦ ᠶᠠᠪᠤᠴᠠ ᠶᠢ ᠰᠢᠯᠢᠳᠡᠭᠵᠢᠬᠦᠯᠵᠠᠢ᠃ ︽ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠠᠵᠤ | ᠠᠬᠤᠶᠢᠯᠠᠯ ᠳᠤ ᠬᠦᠨᠵᠡᠭᠡᠶᠢᠷᠡᠨ ᠵᠢᠯᠤᠭᠤᠳᠤᠯᠭ᠎ᠠ ᠬᠢᠭᠰᠡᠨ ᠨᠢ ᠲᠦᠷᠥ ᠶᠢᠨ ᠪᠤᠳᠤᠯᠭ᠎ᠠ ᠶᠢᠨ ᠬᠠᠷᠠᠭᠠᠯᠵᠠᠯ ᠢ ᠴᠠᠭ | ᠲᠤᠬᠠᠢ ᠳᠤᠨᠢ ᠬᠦᠷᠭᠡᠵᠤ ᠦᠭᠬᠦᠭᠰᠡᠨ ᠢᠶᠠᠷ ᠪᠠᠷᠠᠬᠤ ᠦᠭᠡᠢ ᠠᠵᠤ ᠠᠬᠤᠶᠢᠯᠠᠯ ᠤᠨ ᠬᠤᠵᠢᠮ ᠤᠨ ᠬᠦᠭᠵᠢᠯᠳᠠ ᠶᠢᠨ | ᠢᠳᠡᠭᠡᠯ ᠢ ᠨᠡᠮᠡᠭᠳᠡᠬᠦᠯᠥᠭᠰᠡᠨ ᠪᠠᠶᠢᠨ᠎ᠠ︾ ᠭᠡᠵᠤ ᠺᠤᠮᠫᠠᠨᠢ ᠶᠢᠨ ᠬᠠᠷᠢᠭᠤᠴᠠᠯᠭᠠᠳᠠᠨ ᠸᠠᠩ ᠹᠦ᠋ ᠵᠢᠶᠦ᠋ᠨ ᠶᠠᠷᠢᠨ᠎ᠠ᠃ | ᠲᠤᠭᠠᠴᠢᠯᠠᠭᠰᠠᠨ ᠤᠶᠤᠨᠳᠤ ᠲᠠᠪᠴᠠᠩ ᠢ ᠠᠰᠢᠬᠯᠠᠵᠤ ᠭᠠᠶᠢᠯᠢ ᠲᠠᠳᠠᠪᠤᠷᠢᠯᠠᠬᠤ ᠬᠠᠮᠢᠶᠠᠷᠤᠯᠳᠠ ᠶᠢᠨ | ᠦᠭᠡᠷᠡᠴᠢᠯᠡᠯᠳᠠ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠬᠦ ᠲᠤᠮᠳᠠ᠂ ᠬᠢᠩᠭᠠᠨ ᠠᠶᠢᠮᠠᠭ ᠤᠨ ᠭᠠᠶᠢᠯᠢ ᠶᠢᠨ | ᠶᠠᠪᠤᠳᠠᠯ ᠤᠨ ᠲᠤᠪᠴᠢᠶ᠎ᠠ ︽ᠲᠤᠭ᠎ᠠ ᠪᠠᠷ ᠭᠠᠶᠢᠯᠢ ᠶᠢ ᠵᠠᠰᠠᠬᠤ︾ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ | ᠲᠤᠮᠤ ᠳ᠋ᠡᠶᠢᠲ᠋ᠠ ᠪᠠ ᠤᠶᠤᠨᠴᠢᠯᠠᠭᠰᠠᠨ ᠮᠡᠷᠭᠡᠵᠢᠯ ᠳᠤ ᠲᠦᠰᠢᠭᠯᠡᠨ᠂ ᠤᠶᠤᠨᠴᠢ ᠭᠠᠶᠢᠯᠢ ᠶᠢᠨ ᠶᠠᠪᠤᠳᠠᠯ ᠤᠨ | ᠬᠡᠷᠡᠭᠯᠡᠯᠳᠠ ᠶᠢ ᠢᠳᠡᠪᠬᠢᠳᠠᠢ ᠰᠦᠪᠡᠭᠴᠢᠯᠡᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ | ᠬᠦᠭᠵᠢᠯᠳᠠ ᠳᠤ ᠪᠦᠬᠦ ᠲᠠᠯ᠎ᠠ ᠶᠢᠨ ᠲᠤᠭ᠎ᠠ ᠪᠠᠷᠢᠮᠳᠠ ᠶᠢᠨ ᠲᠡᠮᠵᠢᠯᠭᠡ ᠬᠠᠩᠭᠠᠵᠠᠢ᠃ ᠨᠢᠭᠡ ᠲᠠᠯ᠎ᠠ ᠪᠠᠷ ᠭᠠᠶᠢᠯᠢ | ᠲᠤᠰᠢᠶᠠᠭᠴᠢ ᠶᠢᠨ ᠠᠵᠢᠯ ᠲᠦᠷᠤᠯ ᠤᠨ ᠲᠤᠭ᠎ᠠ ᠪᠠᠷᠢᠮᠳᠠ᠂ ᠭᠡᠪᠴᠢᠶᠡᠵᠢᠬᠰᠠᠨ ᠲᠦᠷᠤᠯ ᠵᠦᠢᠯ ᠵᠡᠷᠭᠡ ᠲᠤᠮᠤ | ᠳ᠋ᠡᠶᠢᠲ᠋ᠠ ᠶᠢ ᠵᠠᠳᠠᠯᠤᠨ᠂ ᠠᠵᠤ ᠠᠬᠤᠶᠢᠯᠠᠯ ᠢ ᠬᠠᠪᠰᠤᠷᠤᠨ ᠬᠠᠩᠭᠠᠨ ᠪᠤᠷᠤᠯᠠᠭᠤᠯᠬᠤ ᠰᠤᠷᠠᠭ ᠵᠠᠩᠬᠢ ᠲᠠᠢ | ᠤᠨᠤᠴᠠᠳᠠᠢ ᠵᠤᠬᠢᠴᠠᠭᠤᠯᠤᠨ᠂ ᠠᠵᠤ ᠠᠬᠤᠶᠢᠯᠠᠯ ᠤᠨ ᠬᠤᠳᠠᠯᠳᠤᠨ ᠠᠪᠬᠤ ᠪᠠ ᠪᠤᠷᠤᠯᠠᠭᠤᠯᠬᠤ ᠦᠪᠠᠷ ᠤᠨ | ᠦᠷᠳᠡᠭ ᠢ ᠪᠠᠭᠠᠰᠬᠠᠨ᠂ ᠵᠠᠬ᠎ᠠ ᠲᠡᠯᠭᠡᠬᠦᠷ ᠤᠨ ᠦᠷ᠎ᠠ ᠠᠰᠢᠭ ᠢ ᠲᠡᠭᠡᠭᠰᠢᠯᠡᠬᠦᠯᠪᠡ᠃ ᠨᠦᠬᠦᠭᠡ ᠲᠠᠯ᠎ᠠ ᠪᠠᠷ | ᠭᠠᠶᠢᠯᠢ ᠳᠤ ᠬᠤᠯᠪᠤᠭᠳᠠᠬᠤ ᠠᠶᠤᠯ ᠲᠦᠭᠰᠢᠬᠦᠷᠢ ᠶᠢᠨ ᠵᠠᠭᠪᠤᠷ ᠢ ᠡᠬᠦᠳᠴᠤ᠂ ᠭᠠᠶᠢᠯᠢ ᠪᠠ ᠭᠠᠶᠢᠯᠢ᠂ ᠭᠠᠶᠢᠯᠢ ᠪᠠ | ᠰᠦᠢᠳᠭᠡᠯ ᠤᠨ ᠬᠤᠭᠤᠷᠤᠨᠳᠤᠬᠢ ᠠᠶᠤᠯ ᠲᠦᠭᠰᠢᠬᠦᠷᠢ ᠶᠢᠨ ᠬᠤᠯᠪᠤᠭᠠᠯᠠᠯ ᠤᠨ ᠵᠠᠳᠠᠯᠤᠯᠳᠠ ᠶᠢ ᠰᠠᠶᠢᠳᠤᠷ ᠬᠢᠵᠤ᠂ | ᠭᠠᠶᠢᠯᠢ ᠲᠠᠳᠠᠪᠤᠷᠢᠯᠠᠬᠤ ᠬᠠᠮᠢᠶᠠᠷᠬᠤ ᠶᠠᠪᠤᠴᠠ ᠲᠤᠮᠳᠠ ᠦᠷᠬᠦᠯᠵᠢ ᠲᠤᠬᠢᠶᠠᠯᠳᠤᠳᠠᠭ ᠠᠶᠤᠯ ᠲᠦᠭᠰᠢᠬᠦᠷᠢ ᠪᠠ | ᠭᠠᠶᠢᠯᠢ ᠲᠠᠳᠠᠪᠤᠷᠢᠯᠠᠨ ᠬᠢᠨᠠᠨ ᠬᠠᠮᠢᠶᠠᠷᠬᠤ ᠲᠤᠮᠳᠠ ᠤᠷᠤᠰᠢᠵᠤ ᠮᠡᠳᠡᠭᠦ ᠤᠮᠳᠠᠭᠠᠶᠢᠯᠠᠬᠤ ᠠᠰᠠᠭᠤᠳᠠᠯ ᠢ ᠵᠠᠳᠠᠯᠬᠤ ᠶᠢᠨ | ᠬᠠᠮᠳᠤ ᠡᠮᠬᠢᠯᠡᠨ ᠴᠤᠭᠯᠠᠭᠤᠯᠵᠤ᠂ ᠤᠯᠠᠨ ᠠᠷᠭ᠎ᠠ ᠠᠪᠴᠠᠯ ᠢᠶᠠᠷ ᠡᠯ᠎ᠠ ᠲᠦᠷᠤᠯ ᠤᠨ ᠭᠠᠶᠢᠯᠢ ᠳᠤ ᠬᠤᠯᠪᠤᠭᠳᠠᠬᠤ | ᠠᠶᠤᠯ ᠲᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠰᠡᠷᠭᠡᠶᠢᠯᠡᠪᠡ᠃ | ᠦᠪᠤᠷ ᠮᠤᠩᠭᠤᠯ ᠤᠨ ᠵᠦᠩ ᠨᠦᠩ ᠬᠢᠩᠭᠠᠨ ᠡᠬᠦᠯᠳᠡᠷ ᠤᠨ ᠦᠬᠡᠷ ᠤᠨ ᠲᠧᠭᠨᠢᠭ ᠮᠡᠷᠭᠡᠵᠢᠯ ᠤᠨ | ᠬᠢᠵᠠᠭᠠᠷᠳᠤ ᠺᠤᠮᠫᠠᠨᠢ ᠪᠤᠯ ᠨᠢᠭᠡᠨ ᠰᠢᠯᠢᠳᠡᠭ ᠡᠬᠦᠯᠳᠡᠷ ᠦᠷᠡᠵᠢᠬᠦᠯᠬᠦ ᠠᠵᠤ ᠠᠬᠤᠶᠢᠯᠠᠯ ᠪᠤᠯᠤᠨ᠎ᠠ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠦᠴᠢᠷ ᠠᠴᠠ ᠲᠤᠮᠤ ᠳ᠋ᠡᠶᠢᠲ᠋ᠠ ᠶᠢ ᠠᠰᠢᠭᠯᠠᠨ ᠠᠵᠤ ᠠᠬᠤᠶᠢᠯᠠᠯ ᠤᠨ ᠠᠷᠠᠯᠵᠢᠶᠠᠯᠠᠬᠤ | ᠲᠦᠷᠤᠯ ᠵᠦᠢᠯ ᠢ ᠢᠯᠭᠠᠨ ᠲᠤᠭᠳᠠᠭᠠᠵᠤ᠂ ᠠᠵᠤ ᠠᠬᠤᠶᠢᠯᠠᠯ ᠤᠨ ᠪᠠᠷᠢᠮᠳᠠ ᠤᠯᠭᠤᠬᠤ ᠳᠤ ᠲᠤᠭᠳᠠᠭᠠᠯ ᠶᠤᠰᠤᠭᠠᠷ | ᠲᠠᠷᠢᠶᠠᠯᠠᠩ ᠤᠨ ᠪᠦᠳᠤᠭᠡᠭᠳᠡᠬᠦᠨ ᠤ ᠬᠤᠷᠢᠶᠠᠵᠤ ᠬᠤᠳᠠᠯᠳᠤᠨ ᠠᠪᠬᠤ ᠪᠠᠷᠢᠮᠳᠠ ᠤᠯᠭᠤᠨ᠂ ᠭᠠᠶᠢᠯᠢ ᠳᠤ | ᠬᠤᠯᠪᠤᠭᠳᠠᠬᠤ ᠪᠠᠷᠢᠮᠳᠠ ᠤᠯᠭᠤᠬᠤ ᠳᠤ ᠬᠤᠯᠪᠤᠭᠳᠠᠬᠤ ᠠᠶᠤᠯ ᠲᠦᠭᠰᠢᠬᠦᠷᠢ ᠠᠴᠠ ᠵᠠᠶᠢᠯᠠᠭᠤᠯᠪᠠ᠃ | ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠭᠠᠶᠢᠯᠢ ᠬᠦᠢᠴᠡᠳᠭᠡᠬᠦ ᠰᠦᠢᠳᠭᠡᠯ | ᠲᠤᠰᠢᠶᠠᠬᠤ ᠳᠤ ᠲᠦᠬᠦᠮ ᠲᠦᠳᠠ ᠦᠵᠡᠬᠦᠯᠬᠦ ᠪᠠᠷ ᠬᠠᠷᠠᠯᠳᠠ ᠪᠤᠯᠭᠠᠨ᠂ ᠦᠢᠯᠡᠴᠢᠯᠡᠭᠡᠨ ᠤ ᠶᠠᠪᠤᠴᠠ ᠪᠠᠨ | ᠲᠠᠰᠤᠷᠠᠯᠳᠠ ᠦᠭᠡᠢ ᠰᠢᠯᠢᠳᠡᠭᠵᠢᠬᠦᠯᠵᠤ᠂ ᠠᠷᠠᠳ ᠲᠤ ᠲᠦᠬᠦᠮ ᠦᠵᠡᠬᠦᠯᠬᠦ ᠰᠢᠷᠢᠰ ᠠᠷᠭ᠎ᠠ ᠠᠪᠴᠠᠯ ᠢ | ᠬᠡᠷᠡᠭᠵᠢᠬᠦᠯᠵᠠᠢ᠃ ᠨᠢᠭᠡ ᠲᠠᠯ᠎ᠠ ᠪᠠᠷ᠂ ᠭᠠᠶᠢᠯᠢ ᠬᠦᠢᠴᠡᠳᠭᠡᠨ ᠰᠦᠢᠳᠭᠡᠯ ᠲᠤᠰᠢᠶᠠᠬᠤ ᠠᠷᠭ᠎ᠠ ᠠᠪᠴᠠᠯ ᠢ | ᠢᠳᠡᠪᠬᠢᠳᠠᠢ ᠬᠤᠪᠢᠷᠠᠭᠤᠯᠵᠤ᠂ ︽ᠰᠦᠯᠵᠢᠶᠡᠨ ᠲᠡᠭᠡᠷ᠎ᠠ ᠭᠠᠶᠢᠯᠢ ᠬᠦᠢᠴᠡᠳᠭᠡᠬᠦ ᠪᠠᠷ ᠭᠤᠤᠯ ᠪᠤᠯᠭᠠᠨ᠂ ᠪᠤᠳᠠᠳᠠᠢ ᠳᠤ | ᠭᠠᠶᠢᠯᠢ ᠬᠦᠢᠴᠡᠳᠭᠡᠬᠦ ᠪᠠᠷ ᠬᠠᠪᠰᠤᠷᠤᠮᠵᠢ ᠪᠤᠯᠭᠠᠬᠤ︾ ᠭᠠᠶᠢᠯᠢ ᠶᠢᠨ ᠰᠦᠢᠳᠭᠡᠯ ᠤᠨ ᠦᠢᠯᠡᠴᠢᠯᠡᠭᠡᠨ ᠤ ᠬᠡᠯᠪᠡᠷᠢ ᠶᠢ | ᠡᠬᠦᠳᠴᠤ᠂ ᠴᠤᠩᠬᠤᠪᠴᠢ ᠳᠤ ᠬᠦᠢᠴᠡᠳᠭᠡᠬᠦ ᠠᠴᠠ ᠰᠦᠯᠵᠢᠶᠡᠨ ᠲᠡᠭᠡᠷ᠎ᠠ ᠬᠦᠢᠴᠡᠳᠭᠡᠬᠦ ᠶᠢ ᠪᠡᠶᠡᠯᠡᠬᠦᠯᠪᠡ᠃ | ᠨᠦᠬᠦᠭᠡ ᠲᠠᠯ᠎ᠠ ᠪᠠᠷ᠂ ︽ᠡᠬᠦᠯᠡᠨ ᠲᠡᠭᠡᠷᠡᠬᠢ ᠭᠠᠶᠢᠯᠢ ᠶᠢᠨ ᠶᠠᠪᠤᠳᠠᠯ︾ ᠤᠨ ᠦᠢᠯᠡᠴᠢᠯᠡᠭᠡᠨ ᠤ ᠰᠢᠰᠲ᠋ᠧᠮ ᠢ | ᠡᠬᠦᠳᠪᠠ᠃ | ︽ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠦᠢᠯᠡᠴᠢᠯᠡᠭᠡ ᠲᠦᠢᠯ ᠤᠨ ᠰᠠᠶᠢᠨ᠂ ᠠᠵᠤ | ᠠᠬᠤᠶᠢᠯᠠᠯ ᠪᠠᠶᠢᠭᠤᠯᠤᠭᠳᠠᠭᠰᠠᠨ ᠠᠴᠠ ᠨᠠᠭᠠᠰᠢ ᠭᠠᠶᠢᠯᠢ ᠶᠢᠨ ᠰᠦᠢᠳᠭᠡᠯ ᠠᠴᠠ ᠡᠬᠢᠯᠡᠨ ᠡᠳᠤᠷ ᠲᠤᠳᠤᠮ ᠤᠨ | ᠭᠠᠶᠢᠯᠢ ᠶᠢ ᠬᠦᠢᠴᠡᠳᠭᠡᠬᠦ ᠬᠦᠷᠳᠡᠯ᠎ᠠ ᠰᠦᠯᠵᠢᠶᠡᠨ ᠲᠡᠭᠡᠷ᠎ᠠ ᠵᠢᠯᠤᠭᠤᠳᠴᠤ᠂ ᠲᠠᠬᠢᠨ ᠵᠠᠩᠬᠢᠯᠠᠭ᠎ᠠ ᠶᠢᠨ | ᠬᠤᠭᠤᠴᠠᠭ᠎ᠠ ᠳᠤ ᠪᠡᠯᠡ ᠮᠦᠩᠬᠦ ᠤᠷᠤᠭᠤᠯᠬᠤ ᠳᠤ ᠲᠡᠮᠵᠢᠯᠭᠡ ᠦᠵᠡᠬᠦᠯᠵᠤ ᠪᠢᠯᠠ᠃ ᠤᠳᠤᠬᠠᠨ ᠳᠤ᠂ ᠪᠢ ᠪᠠᠰᠠ | ᠡᠯ᠎ᠠ ᠲᠦᠷᠤᠯ ᠤᠨ ᠭᠠᠶᠢᠯᠢ ᠳᠤ ᠬᠤᠯᠪᠤᠭᠳᠠᠬᠤ ᠲᠤᠬᠠᠶᠢᠯᠠᠭᠰᠠᠨ ᠠᠵᠢᠯ ᠢ ᠬᠦᠢᠴᠡᠳᠭᠡᠵᠤ ᠴᠢᠳᠠᠬᠤ ᠪᠤᠯᠵᠤ᠂ ᠪᠦᠬᠦ | ᠰᠡᠳᠬᠢᠯ ᠢᠶᠠᠨ ᠠᠵᠤ ᠠᠬᠤᠶᠢᠯᠠᠯ ᠤᠨ ᠡᠵᠡᠩᠨᠡᠯᠳᠠ ᠳᠤ ᠲᠦᠪᠯᠡᠷᠡᠬᠦᠯᠵᠤ ᠲᠡᠶᠢᠯᠬᠦ ᠪᠤᠯᠵᠠᠢ︾ ᠭᠡᠵᠤ ᠬᠢᠩᠭᠠᠨ | ᠠᠶᠢᠮᠠᠭ ᠤᠨ ᠷᠦᠨ ᠲᠠᠢ ᠭᠡᠷ ᠪᠠᠶᠢᠰᠢᠩ ᠭᠠᠵᠠᠷ ᠬᠦᠷᠤᠩᠭᠡ ᠶᠢᠨ ᠨᠡᠭᠡᠭᠡᠯᠳᠠ ᠶᠢᠨ ᠬᠢᠵᠠᠭᠠᠷᠳᠤ ᠬᠠᠷᠢᠭᠤᠴᠠᠯᠭᠠᠳᠤ | ᠺᠤᠮᠫᠠᠨᠢ ᠶᠢᠨ ᠬᠠᠷᠢᠭᠤᠴᠠᠯᠭᠠᠳᠠᠨ ᠰᠢᠥᠢ ᠬᠤᠩ ᠶᠤᠸᠠᠨ ᠶᠠᠷᠢᠨ᠎ᠠ᠃ | ᠬᠢᠩᠭᠠᠨ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠠᠬ᠎ᠠ ᠲᠡᠯᠭᠡᠬᠦᠷ ᠤᠨ ᠬᠢᠨᠠᠯᠳᠠ | ᠬᠠᠮᠢᠶᠠᠷᠤᠯᠳᠠ ᠵᠡᠷᠭᠡ ᠰᠠᠯᠠᠭ᠎ᠠ ᠮᠦᠴᠢᠷ ᠤᠨ ᠬᠠᠮᠳᠤᠷᠠᠯᠴᠠᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ | ᠪᠠᠶᠢᠡᠭᠭᠤᠵᠢᠭᠰᠠᠨ ᠬᠠᠷᠢᠯᠴᠠᠬᠤ ᠵᠤᠬᠢᠴᠠᠭᠤᠯᠬᠤ ᠲᠤᠭᠳᠠᠴᠠ ᠶᠢ ᠪᠠᠶᠢᠭᠤᠯᠤᠨ᠂ ᠰᠤᠷᠠᠭ ᠵᠠᠩᠬᠢ ᠶᠢ ᠬᠠᠮᠳᠤᠪᠠᠷ | ᠡᠳ᠋ᠯᠡᠬᠦ᠂ ᠲᠤᠬᠠᠶᠢᠯᠠᠭᠰᠠᠨ ᠠᠵᠢᠯ ᠢ ᠬᠠᠮᠳᠤᠳᠬᠠᠨ ᠪᠡᠶᠡᠯᠡᠬᠦᠯᠤᠨ᠂ ᠠᠷᠠᠳ ᠤᠨ ᠡᠵᠡᠩᠨᠡᠯᠳᠠ ᠶᠢᠨ ᠠᠵᠤ | ᠠᠬᠤᠶᠢᠯᠠᠯ ᠤᠨ ᠬᠦᠭᠵᠢᠯᠳᠠ ᠳᠤ ᠤᠬᠢ ᠰᠠᠶᠢᠨ ᠤᠷᠴᠢᠨ ᠢ ᠡᠬᠦᠳᠴᠤ ᠦᠭᠪᠡ᠃ ᠠᠵᠤ ᠠᠬᠤᠶᠢᠯᠠᠯ ᠢ ᠨᠡᠭᠡᠭᠡᠨ | ᠡᠷᠬᠢᠯᠡᠬᠦ ᠭᠤᠭᠴᠤᠭ᠎ᠠ ᠳᠤ᠂ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠠᠢ ︽ᠨᠢᠭᠡ | ᠰᠦᠯᠵᠢᠶ᠎ᠠ ᠪᠠᠷ ᠪᠦᠬᠦᠨ ᠢ ᠬᠦᠢᠴᠡᠳᠭᠡᠬᠦ︾ ᠶᠢ ᠠᠬᠢᠭᠤᠯᠵᠤ᠂ ᠰᠢᠨ᠎ᠠ ᠠᠵᠤ ᠠᠬᠤᠶᠢᠯᠠᠯ ᠡᠷᠬᠢᠯᠡᠬᠦ ᠴᠠᠭ ᠢ ᠶᠡᠭᠡ | ᠬᠡᠮᠵᠢᠶ᠎ᠠ ᠪᠠᠷ ᠪᠠᠭᠠᠰᠬᠠᠭᠰᠠᠨ ᠪᠠᠶᠢᠨ᠎ᠠ︔ ᠪᠡᠯᠡ ᠲᠤᠬᠢᠷᠠᠭᠤᠯᠭ᠎ᠠ ᠶᠢᠨ ᠦᠢᠯᠡᠴᠢᠯᠡᠭᠡᠨ ᠤ ᠲᠠᠯ᠎ᠠ ᠪᠠᠷ᠂ ᠪᠡᠯᠡ | ᠮᠦᠩᠬᠦ ᠶᠢᠨ ᠪᠠᠶᠢᠭᠤᠯᠤᠮᠵᠢ ᠲᠠᠢ ᠬᠠᠮᠵᠢᠯᠴᠠᠭ᠎ᠠ ᠪᠠᠨ ᠬᠦᠨᠵᠡᠭᠡᠶᠢᠷᠡᠬᠦᠯᠵᠤ᠂ ᠨᠡᠩ ᠤᠯᠠᠨ ᠦᠨᠡᠨᠴᠢ | ᠢᠳᠡᠭᠡᠮᠵᠢᠳᠠᠢ ᠪᠠᠷ ᠭᠠᠶᠢᠯᠢ ᠲᠤᠰᠢᠶᠠᠭᠰᠠᠨ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠤᠨ ᠨᠡᠩ ᠲᠤᠤᠷ᠎ᠠ | ᠬᠦᠥ ᠨᠤᠷᠮ᠎ᠠ᠂ ᠦᠨᠳᠤᠷ ᠦᠷ᠎ᠠ ᠠᠰᠢᠭᠳᠠᠢ ᠢᠳᠡᠭᠡᠮᠵᠢᠳᠤ ᠵᠢᠭᠡᠯᠡᠯᠭᠡ ᠶᠢᠨ ᠲᠡᠮᠵᠢᠯᠭᠡ ᠬᠦᠷᠳᠡᠬᠦ ᠳᠤ ᠬᠦᠴᠤᠯᠡᠪᠡ᠃ | ᠢᠥᠢ ᠭᠧ ᠵᠠᠩ ᠢᠥᠢ ᠮᠡᠳᠡᠭᠡᠯᠡᠪᠡ |