ᠤᠯᠠᠭᠠᠨᠬᠤᠲᠠ ᠶᠢᠨ ᠳᠤᠮᠳᠠᠲᠦ ᠪᠠᠭ᠎ᠠ ᠰᠤᠷᠭᠠᠭᠤᠯᠢ ᠶᠢᠨ ᠬᠢᠨᠭ᠍ᠭᠠᠨ ᠤ ᠬᠤᠪᠢᠰᠬᠠᠯᠲᠦ ᠦᠯᠢᠭᠡᠷ ᠶᠠᠷᠢᠬᠤ ᠤᠷᠤᠯᠳᠤᠭᠠᠨ ᠠᠮᠵᠢᠯᠲᠠᠲᠠᠢ ᠶᠠᠪᠤᠬᠳᠠᠪᠠ
ᠨᠡᠶᠢᠲᠡᠯᠡᠭᠰᠡᠨ ᠴᠠᠭ᠄
2025/5/27
        ᠬᠢᠩᠭᠠᠨ ᠠᠶᠢᠮᠠᠭ ᠤᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠦ ᠴᠤᠬᠴᠠᠯᠠᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠭᠠᠨᠬᠤᠲᠠ ᠶᠢᠨ ᠬᠤᠷᠢᠶ᠎ᠠ᠂ ᠤᠯᠠᠭᠠᠨᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠬᠠᠮᠲᠤᠷᠠᠨ ᠤᠯᠠᠭᠠᠨᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠢᠩᠭᠠᠨ ᠤ ᠬᠤᠪᠢᠰᠬᠠᠯᠲᠦ ᠥᠯᠢᠭᠡᠷ ᠶᠠᠷᠢᠬᠤ ᠤᠷᠤᠯᠳᠤᠭᠠᠨ ᠶᠠᠪᠤᠭᠤᠯᠪᠠ᠃        ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠪᠠᠭᠰᠢ ᠶᠢᠨ ᠳᠤᠭᠤᠶᠢᠯᠠᠩ ᠭᠡᠵᠦ ᠭᠤᠷᠪᠠᠨ ᠳᠤᠭᠤᠶᠢᠯᠠᠩ ᠬᠤᠪᠢᠶᠠᠨ ᠶᠠᠪᠤᠬᠳᠠᠭᠤᠯᠵᠠᠢ᠃ ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ 89 ᠪᠠᠭᠰᠢ ᠰᠤᠷᠤᠭᠴᠢ ᠬᠢᠩᠭᠠᠨ ᠠᠶᠢᠮᠠᠭ ᠤᠨ ᠬᠤᠪᠢᠰᠬᠠᠯᠲᠦ ᠲᠡᠦᠬᠡ ᠶᠢᠨ ᠬᠥᠭᠵᠢᠯᠲᠡ ᠶᠢᠨ ᠲᠣᠭᠤᠷᠢᠨ ᠳᠤ᠂ ᠣᠷᠭᠢᠯᠤᠮ᠎ᠠ ᠬᠠᠯᠠᠭᠤᠨ ᠰᠡᠳᠭᠢᠯᠭᠡ ᠪᠠᠷ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ᠂ ᠪᠠᠭᠠᠲᠤᠷ ᠵᠢᠱᠢᠶᠡᠴᠢ ᠶᠢᠨ ᠰᠡᠳᠭᠢᠯ ᠬᠥᠳᠡᠯᠭᠡᠮ᠎ᠡ ᠦᠯᠢᠭᠡᠷ ᠵᠢᠴᠢ ᠬᠤᠪᠢᠰᠬᠠᠯᠲᠦ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠦᠭᠰᠡᠨ ᠥᠩᠭᠡᠷᠡᠯᠲᠡ ᠪᠠᠨ ᠠᠮᠢᠳᠤᠯᠢᠭ ᠢᠶᠠᠷ ᠶᠠᠷᠢᠪᠠ᠃ ᠪᠠᠭᠰᠢ ᠰᠤᠷᠤᠭᠴᠢᠳ ᠪᠣᠷᠣᠭᠵᠢᠭᠤᠨ ᠪᠥᠭᠡᠳ ᠢᠳᠡᠭᠡᠬᠦᠯᠬᠦ ᠬᠦᠴᠦᠨ ᠲᠠᠢ ᠦᠭᠡ ᠶᠠᠷᠥᠶ᠎ᠠ ᠤᠶᠢᠯᠡ ᠬᠦᠳᠡᠯᠦᠯ ᠢᠶᠠᠷ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠬᠠᠷᠢᠭᠤᠴᠠᠯᠭ᠎ᠠ ᠶᠢᠨ ᠤᠬᠠᠮᠰᠠᠷ ᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃        ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠪᠠᠭᠰᠢ ᠶᠢᠨ ᠲᠤᠭᠤᠶᠢᠯᠠᠩ ᠳᠤ ᠤᠯᠠᠭᠠᠨᠬᠤᠲᠠ ᠲᠦᠷᠪᠡᠳᠦᠭᠡᠷ ᠳᠤᠮᠳᠠᠲᠦ ᠰᠤᠷᠭᠠᠭᠤᠯᠢ ᠶᠢᠨ ᠶᠠᠩ ᠮᠢᠩ᠂ ᠲᠡᠭᠦᠯᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠶᠤᠸᠠᠨ ᠵᠤ᠋᠂ ᠤᠯᠠᠭᠠᠨᠬᠤᠲᠠ ᠲᠠᠪᠤᠳᠤᠭᠠᠷ ᠳᠤᠮᠳᠠᠲᠦ ᠰᠤᠷᠭᠠᠭᠤᠯᠢ ᠶᠢᠨ ᠮᠸᠢ ᠴᠢ᠂ ᠲᠡᠮᠤᠷ ᠵᠠᠮ ᠤᠨ ᠪᠠᠷᠠᠭᠤᠳᠡᠬᠢ ᠨᠢᠭᠡᠳᠦᠭᠡᠷ ᠪᠠᠭ᠎ᠠ ᠰᠤᠷᠭᠠᠭᠤᠯᠢ ᠶᠢᠨ ᠸᠠᠩ ᠰᠢᠨ ᠰᠢᠨ ᠲᠤᠰ ᠲᠤᠰ ᠨᠢᠭᠡᠳᠦᠭᠡᠷ ᠪᠠᠶᠢᠷᠢᠨ ᠳᠤ ᠳᠤᠳᠤᠷᠠᠵᠦ᠂ ᠲᠤᠮᠳᠠᠲᠦ ᠰᠤᠷᠭᠠᠭᠤᠯᠢ ᠶᠢᠨ ᠲᠤᠭᠤᠶᠢᠯᠠᠩ ᠳᠤ ᠤᠯᠠᠭᠠᠨᠬᠤᠲᠠ ᠨᠠᠢᠮᠠᠳᠤᠭᠠᠷ ᠲᠤᠮᠳᠠᠲᠦ ᠰᠤᠷᠭᠠᠭᠤᠯᠢ ᠶᠢᠨ ᠡᠤ ᠢᠯᠠᠨ᠎ᠠ᠂ ᠤᠯᠠᠭᠠᠨᠬᠤᠲᠠ ᠶᠢᠨ ᠶᠢᠰᠦᠳᠦᠭᠡᠷ ᠳᠤᠮᠳᠠᠲᠦ ᠰᠤᠷᠭᠠᠭᠤᠯᠢ ᠶᠢᠨ ᠪᠢ ᠸᠧᠨ ᠪᠥᠸᠧ᠂ ᠤᠯᠠᠭᠠᠨᠬᠤᠲᠠ ᠲᠠᠪᠤᠳᠤᠭᠠᠷ ᠳᠤᠮᠳᠠᠲᠦ ᠰᠤᠷᠭᠠᠭᠤᠯᠢ ᠶᠢᠨ ᠴᠧᠨ ᠬᠤᠤ ᠶᠠᠩ ᠲᠤᠰ ᠲᠤᠰ ᠨᠢᠭᠡᠳᠦᠭᠡᠷ ᠪᠠᠶᠢᠷᠢᠨ ᠳᠤ ᠤᠷᠤᠵᠦ᠂ ᠪᠠᠭ᠎ᠠ ᠰᠤᠷᠭᠠᠭᠤᠯᠢ ᠶᠢᠨ ᠲᠤᠭᠤᠶᠢᠯᠠᠩ ᠳᠤ ᠬᠢᠨᠭ᠍ᠭᠠᠨ ᠬᠤᠶᠠᠳᠤᠭᠠᠷ ᠪᠠᠭ᠎ᠠ ᠰᠤᠷᠭᠠᠭᠤᠯᠢ ᠶᠢᠨ ᠭᠥᠸᠧ ᠢᠤᠢ᠂ ᠱᠸᠡᠭᠯᠢ ᠨᠢᠭᠡᠳᠦᠭᠡᠷ ᠪᠠᠭ᠎ᠠ ᠰᠤᠷᠭᠠᠭᠤᠯᠢ ᠶᠢᠨ ᠵᠠᠩ ᠬᠠᠨᠭ᠌᠂ ᠾᠧ ᠫᠢᠡᠭ ᠬᠤᠶᠠᠳᠤᠭᠠᠷ ᠪᠠᠭ᠎ᠠ ᠰᠤᠷᠭᠠᠭᠤᠯᠢ ᠶᠢᠨ ᠪᠠᠢ ᠶᠠᠩ ᠲᠤᠰ ᠲᠤᠰ ᠨᠢᠭᠡᠳᠦᠭᠡᠷ ᠪᠠᠶᠢᠷᠢᠨ ᠳᠤ ᠳᠤᠳᠤᠷᠠᠵᠠᠢ᠃        ᠲᠣᠰ ᠤᠳᠠᠭᠠᠨ ᠤ ᠠᠵᠢᠯᠯᠠᠭ᠎ᠠ ᠨᠢ ︽ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠬᠤᠪᠢᠰᠬᠠᠯ ᠤᠨ ᠠᠮᠢᠨ ᠰᠤᠳᠠᠰᠤ ᠶᠢ ᠦᠷᠭᠦᠯᠵᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠬᠢᠩᠭᠠᠨ ᠠᠶᠢᠮᠠᠭ ᠤᠨ ᠡᠯᠪᠡᠭ ᠪᠠᠶᠠᠯᠢᠭ ᠬᠤᠪᠢᠰᠬᠠᠯᠲᠦ ᠰᠣᠶᠣᠯ ᠤᠨ ᠡᠬᠢ ᠪᠠᠶᠠᠯᠢᠭ ᠤᠨ ᠬᠥᠮᠦᠨ ᠬᠥᠮᠦᠵᠢᠭᠦᠯᠬᠦ ᠲᠠᠯ᠎ᠠ ᠪᠠᠷ ᠬᠢ ᠥᠪᠡᠷᠮᠢᠴᠡ ᠴᠢᠳᠠᠮᠵᠢ ᠶᠢ ᠪᠠᠳᠠᠷᠠᠭᠤᠯᠵᠤ᠂ ᠪᠠᠭᠰᠢ ᠰᠤᠷᠤᠭᠴᠢᠳ ᠲᠤ ᠬᠤᠪᠢᠰᠬᠠᠯᠲᠦ ᠥᠯᠢᠭᠡᠷ ᠢ ᠶᠠᠷᠢᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠲᠠᠪᠴᠠᠩ ᠢ ᠪᠠᠶᠢᠭᠤᠯᠵᠦ ᠦᠭᠬᠦ ᠳᠤ ᠰᠠᠶᠢᠨ ᠰᠠᠶᠢᠬᠠᠨ ᠲᠠᠪᠴᠠᠩ ᠬᠠᠨᠭ᠍ᠭᠠᠵᠠᠢ᠃ ︵ᠯᠢᠶᠠᠨ ᠪᠤᠤ ᠪᠤᠤ ᠢ ᠵᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号