ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠬᠢᠨ ᠤᠯᠠᠭᠠᠨᠬᠤᠳᠠ ᠶᠢᠨ ᠱᠸᠡᠭᠯᠢ ᠨᠢᠬᠡᠳᠦᠭᠡᠷ ᠪᠠᠭ᠎ᠠ ᠰᠤᠷᠭᠠᠭᠤᠯᠢ ᠳᠤ ᠬᠦᠷᠴᠦ ᠠᠯᠪᠠᠨ ᠵᠢᠷᠦᠮ ᠤᠨ ᠡᠮᠴᠢᠯᠡᠭᠡ ᠦᠷᠨᠢᠬᠦᠯᠵᠠᠢ
ᠨᠡᠶᠢᠲᠡᠯᠡᠭᠰᠡᠨ ᠴᠠᠭ᠄
2025/5/27
        ᠵᠠᠯᠠᠭᠤᠴᠤᠳ ᠪᠠᠭᠠᠴᠤᠳ ᠤᠨ ᠮᠠᠷᠢᠶᠠᠯᠠᠬᠤ᠂ ᠪᠠᠭᠠᠨ᠎ᠠ ᠨᠢᠷᠤᠭᠤᠨ ᠤ ᠬᠠᠵᠠᠶᠢᠬᠰᠠᠨ ᠬᠡᠮ ᠢ ᠬᠢᠳᠡᠳ ᠡᠮᠨᠡᠯᠬᠡ ︵ᠮᠤᠩᠭᠤᠯ ᠡᠮᠨᠡᠯᠬᠡ︶ ᠪᠠᠷ ᠬᠠᠮᠢᠶᠠᠷᠬᠤ ᠲᠤᠷᠰᠢᠯᠳᠠ ᠶᠢᠨ ᠠᠵᠢᠯ ᠢ ᠬᠦᠨᠵᠡᠬᠡᠢ ᠲᠤᠭᠤᠰᠢᠯᠠᠭᠤᠯᠵᠦ᠂ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠦᠨ ᠡᠷᠡᠬᠦᠯ ᠮᠡᠨᠳᠤ ᠶᠢᠨ ᠤᠬᠠᠮᠰᠠᠷ ᠢ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠬᠡᠤᠬᠡᠳ ᠤᠨ ᠡᠪᠡᠳᠴᠢᠨ ᠤ ᠰᠠᠯᠠᠭ᠎ᠠ᠂ ᠨᠢᠳᠦᠨ ᠡᠪᠡᠳᠴᠢᠨ ᠤ ᠰᠠᠯᠠᠭ᠎ᠠ᠂ ᠶᠠᠰᠦᠨ ᠤ ᠰᠢᠷᠬᠠᠯᠭ᠎ᠠ ᠶᠢᠨ ᠰᠠᠯᠠᠭ᠎ᠠ ᠪᠠ ᠨᠡᠶᠢᠲ᠋ᠢᠩᠭᠸᠶᠢᠯ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠤᠯᠠᠭᠠᠨᠬᠤᠳᠠ ᠶᠢᠨ ᠱᠸᠡᠭᠯᠢ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ︽ᠡᠷᠡᠬᠦᠯ ᠮᠡᠨᠳᠤ ᠶᠢᠨ ᠮᠡᠳᠡᠯᠬᠡ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠵᠦ᠂ ᠭᠡᠤᠭᠡᠤᠨ ᠤᠨ ᠡᠷᠡᠬᠦᠯ ᠢᠶᠠᠷ ᠦᠰᠦᠨ ᠪᠤᠶᠢᠵᠢᠬᠤ ᠶᠢ ᠠᠬᠢᠭᠤᠯᠤᠶ᠎ᠠ︾ ᠬᠡᠬᠦ ᠡᠷᠡᠬᠦᠯ ᠮᠡᠨᠳᠤ ᠶᠢᠨ ᠮᠡᠳᠡᠯᠬᠡ ᠶᠢ ᠲᠦᠬᠡᠮᠡᠯᠵᠢᠬᠦᠯᠬᠦ ᠵᠢᠴᠢ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠦᠷᠨᠢᠬᠦᠯᠵᠦ᠂ ᠰᠤᠷᠤᠬᠴᠢ ᠪᠠ ᠪᠠᠭᠰᠢᠨᠠᠷ ᠲᠤ ᠤᠯᠠᠨ ᠡᠰᠢᠵᠢᠭᠰᠡᠨ ᠡᠷᠡᠬᠦᠯ ᠮᠡᠨᠳᠤ ᠶᠢᠨ ᠦᠢᠯᠡᠴᠢᠯᠡᠭᠡ ᠬᠠᠨᠭ᠍ᠭᠠᠵᠠᠢ᠃        ᠠᠵᠢᠯᠯᠠᠭ᠎ᠠ ᠶᠢᠨ ᠠᠬᠤᠢ ᠲᠠᠯᠠᠪᠠᠢ ᠳᠤ᠂ ᠶᠠᠰᠦᠨ ᠰᠢᠷᠬᠠᠯᠭ᠎ᠠ ᠶᠢᠨ ᠰᠠᠯᠠᠭᠠᠨ ᠤ ᠡᠷᠬᠢᠯᠡᠭᠴᠢ ᠵᠤᠤ ᠰᠢᠶᠤᠤ ᠯᠦᠩ ᠰᠤᠷᠤᠬᠴᠢᠳ ᠤᠨ ᠪᠠᠭᠠᠨ᠎ᠠ ᠨᠢᠷᠤᠭᠤ ᠬᠠᠵᠠᠶᠢᠬᠰᠠᠨ ᠡᠰᠡᠬᠦ ᠳᠤ ᠲᠤᠰᠬᠠᠢ ᠪᠠᠶᠢᠴᠠᠭᠠᠯᠳᠠ ᠪᠤᠯᠤᠨ ᠦᠨᠡᠯᠡᠯᠳᠡ ᠬᠢᠵᠦ᠂ ᠪᠠᠭᠰᠢ ᠰᠤᠷᠤᠬᠴᠢᠳ ᠢ ᠪᠠᠭᠠᠨ᠎ᠠ ᠨᠢᠷᠤᠭᠤ ᠬᠠᠵᠠᠶᠢᠬᠤ ᠠᠰᠠᠭᠤᠳᠠᠯ ᠢ ᠡᠷᠳᠡ ᠮᠡᠳᠡᠵᠦ᠂ ︽ᠡᠷᠳᠡ ᠰᠡᠷᠬᠡᠶᠢᠯᠡᠨ ᠡᠷᠳᠡ ᠬᠠᠮᠢᠶᠠᠷᠬᠤ︾ ᠤᠨᠤᠯᠵᠢᠬᠤᠨ ᠢ ᠰᠠᠨᠠᠭᠠᠴᠢᠯᠠᠵᠦ᠂ ᠰᠤᠷᠤᠬᠴᠢᠳ ᠤᠨ ᠡᠷᠡᠬᠦᠯ ᠢᠶᠠᠷ ᠦᠰᠦᠨ ᠪᠤᠶᠢᠵᠢᠬᠤ ᠶᠢ ᠠᠬᠢᠭᠤᠯᠵᠠᠢ᠃        ᠨᠢᠳᠦᠨ ᠡᠪᠡᠳᠴᠢᠨ ᠤ ᠰᠠᠯᠠᠭ᠎ᠠ᠂ ᠬᠡᠤᠬᠡᠳ ᠤᠨ ᠡᠪᠡᠳᠴᠢᠨ ᠤ ᠰᠠᠯᠠᠭ᠎ᠠ ᠶᠢᠨ ᠡᠮᠴᠢ ᠠᠴᠠ ᠵᠠᠯᠠᠭᠤᠴᠤᠳ ᠪᠠᠭᠠᠴᠤᠳ ᠲᠠᠢ ᠡᠷᠡᠬᠦᠯ ᠮᠡᠨᠳᠤ ᠶᠢᠨ ᠲᠤᠰᠬᠠᠢ ᠰᠡᠳᠤᠪᠳᠤ ᠰᠠᠭᠤᠳᠠᠯ ᠤᠨ ᠬᠤᠷᠠᠯ ᠬᠢᠵᠡᠢ᠃ ᠭᠤᠤᠯᠳᠠᠭᠤ ᠤᠶᠢᠷ᠎ᠠ ᠬᠠᠷᠠᠭ᠎ᠠ ᠪᠤᠯᠤᠬᠰᠠᠨ ᠰᠢᠯᠳᠠᠭᠠᠨ᠂ ᠤᠶᠢᠷ᠎ᠠ ᠬᠠᠷᠠᠭ᠎ᠠ ᠶᠢ ᠰᠡᠷᠬᠡᠶᠢᠯᠡᠬᠦ ᠠᠷᠭ᠎ᠠ ᠵᠢᠴᠢ ᠰᠢᠨᠵᠢᠯᠡᠬᠦ ᠤᠬᠠᠭᠠᠨᠴᠢ ᠪᠠᠷ ᠨᠢᠳᠦ ᠪᠠᠨ ᠬᠡᠷᠡᠭᠯᠡᠬᠦ ᠠᠷᠭ᠎ᠠ ᠶᠢᠨ ᠲᠤᠭᠤᠷᠢᠨ ᠳᠤ᠂ ᠬᠡᠤᠬᠡᠳ ᠪᠠᠭᠠᠴᠤᠳ ᠲᠤ ᠦᠷᠬᠦᠯᠵᠢ ᠲᠤᠬᠢᠶᠠᠯᠳᠤᠳᠠᠭ ᠡᠷᠡᠬᠦᠯ ᠮᠡᠨᠳᠤ ᠶᠢᠨ ᠠᠰᠠᠭᠤᠳᠠᠯ᠂ ᠬᠡᠤᠬᠡᠳ ᠪᠠᠭᠠᠴᠤᠳ ᠤᠨ ᠮᠠᠷᠢᠶᠠᠯᠠᠬᠤ ᠵᠡᠷᠭᠡ ᠡᠳᠦᠷ ᠲᠤᠳᠤᠮ ᠤᠨ ᠡᠷᠡᠬᠦᠯᠵᠢᠯ ᠤᠨ ᠮᠡᠳᠡᠯᠬᠡ ᠶᠢ ᠤᠬᠠᠭᠤᠯᠤᠨ ᠲᠠᠶᠢᠯᠪᠦᠷᠢᠯᠡᠵᠦ᠂ ᠰᠤᠷᠤᠬᠴᠢᠳ ᠤᠨ ᠡᠷᠡᠬᠦᠯ ᠴᠢᠬᠢᠷᠠᠬ ᠠᠮᠢᠳᠦᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠬᠦᠳᠦᠯᠦᠨ ᠵᠢᠯᠤᠭᠤᠳᠴᠠᠢ᠃        ᠲᠤᠰ ᠡᠮᠨᠡᠯᠬᠡ ᠶᠢᠨ ᠬᠤᠷᠢᠶᠠᠨ ᠤ ᠨᠡᠶᠢᠲ᠋ᠢᠩᠭᠸᠶᠢᠯ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠤᠨ ᠬᠢᠨ ᠪᠠᠭᠰᠢᠨᠠᠷ ᠲᠤ ᠴᠢᠰᠦᠨ ᠲᠠᠷᠦᠯᠳᠠ᠂ ᠴᠢᠰᠦᠨ ᠰᠢᠬᠢᠷ ᠵᠡᠷᠭᠡ ᠦᠨᠳᠦᠰᠦᠨ ᠪᠠᠶᠢᠴᠠᠭᠠᠯᠳᠠ ᠬᠢᠵᠦ ᠦᠭᠬᠦᠭᠰᠡᠨ ᠪᠦᠬᠡᠳ ᠰᠤᠷᠤᠭᠤᠯ ᠲᠠᠯᠪᠢᠬᠤ ᠵᠡᠷᠭᠡ ᠮᠤᠩᠭᠤᠯ ᠡᠮᠨᠡᠯᠬᠡ ᠶᠢᠨ ᠮᠡᠷᠬᠡᠵᠢᠯ ᠢᠶᠠᠷ ᠲᠡᠳᠡᠨ ᠤ ᠶᠠᠳᠠᠷᠠᠭ᠎ᠠ ᠵᠦᠳᠡᠷᠡᠭᠡ ᠶᠢ ᠲᠠᠶᠢᠯᠵᠦ ᠦᠭᠴᠡᠢ᠃        ᠲᠤᠰ ᠤᠳᠠᠭᠠᠨ ᠤ ᠠᠵᠢᠯᠯᠠᠭ᠎ᠠ ᠨᠢ ︽ᠰᠠᠭᠤᠳᠠᠯ ᠤᠨ ᠬᠤᠷᠠᠯ + ᠠᠯᠪᠠᠨ ᠵᠢᠷᠦᠮ ᠤᠨ ᠡᠮᠴᠢᠯᠡᠭᠡ + ᠮᠤᠩᠭᠤᠯ ᠡᠮᠨᠡᠯᠬᠡ ᠶᠢ ᠪᠡᠶᠡᠴᠢᠯᠡᠨ ᠤᠶᠢᠯᠠᠭᠠᠬᠤ︾ ᠵᠠᠬᠪᠦᠷ ᠢᠶᠠᠷ ᠮᠤᠩᠭᠤᠯ ᠡᠮᠨᠡᠯᠬᠡ ᠶᠢᠨ ᠡᠷᠡᠬᠦᠯ ᠮᠡᠨᠳᠤ ᠶᠢᠨ ᠤᠨᠤᠯᠵᠢᠬᠤᠨ ᠢ ᠰᠤᠷᠭᠠᠭᠤᠯᠢ ᠶᠢᠨ ᠬᠦᠷᠢᠶᠡᠨ ᠳᠤ ᠬᠦᠷᠬᠡᠵᠦ᠂ ᠪᠠᠭᠰᠢ ᠰᠤᠷᠤᠬᠴᠢᠳ ᠤᠨ ᠡᠷᠡᠬᠦᠯ ᠮᠡᠨᠳᠤ ᠶᠢᠨ ᠤᠬᠠᠮᠰᠠᠷ ᠢ ᠲᠡᠭᠡᠭᠰᠢᠯᠡᠬᠦᠯᠵᠡᠢ᠃ ᠲᠠᠷᠠᠭᠠᠴᠢ ᠪᠠᠷ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ︽ᠡᠷᠡᠬᠦᠯ ᠮᠡᠨᠳᠤ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠬᠦ︾ ᠰᠢᠷᠢᠰ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠪᠠᠭᠰᠢ ᠰᠤᠷᠤᠬᠴᠢᠳ ᠤᠨ ᠡᠷᠡᠬᠦᠯ ᠮᠡᠨᠳᠤ ᠶᠢ ᠦᠷᠬᠦᠯᠵᠢᠯᠡᠨ ᠰᠠᠬᠢᠨ ᠬᠠᠮᠠᠭᠠᠯᠠᠬᠤ ᠪᠤᠯᠤᠨ᠎ᠠ᠃ ᠬᠠᠨ᠎ᠠ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号