| ᠵᠠᠰᠠᠭ ᠤᠨ ᠤᠷᠳᠤᠨ ᠤ ᠬᠤᠳᠠᠯᠳᠤᠨ ᠠᠪᠬᠤ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ | ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠬᠦᠯᠬᠦ ᠶᠢᠨ ᠲᠦᠯᠦᠭᠡ᠂ | ᠤᠶᠢᠷ᠎ᠠ ᠳᠤ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠡ ︽ᠵᠠᠰᠠᠭ ᠤᠨ ᠤᠷᠳᠤᠨ ᠤ ᠬᠤᠳᠠᠯᠳᠤᠨ | ᠠᠪᠬᠤ ᠶᠢ ᠠᠯᠤᠰ ᠡᠵᠡᠮᠰᠢᠯᠳᠦ ᠤᠨᠳᠤᠤ ᠭᠠᠵᠠᠷ ᠲᠤ ᠬᠢᠨᠠᠨ ᠲᠤᠭᠳᠠᠭᠠᠬᠤ ᠲᠤᠷᠰᠢᠯᠳᠠ ᠶᠢᠨ ᠴᠡᠭ ᠤᠨ ᠠᠵᠢᠯ ᠢ | ᠲᠡᠯᠭᠡᠷᠡᠬᠦᠯᠬᠦ ᠲᠤᠬᠠᠢ ᠮᠡᠳᠡᠭᠳᠡᠯ︾ ᠢ ᠲᠠᠷᠤᠮᠠᠯᠯᠠᠨ ᠲᠠᠷᠬᠠᠭᠠᠵᠦ᠂ 2025 ᠣᠨ ᠤ 5 ᠰᠠᠷ᠎ᠠ ᠶᠢᠨ 1 ᠤ | ᠡᠳᠦᠷ ᠠᠴᠠ ᠡᠬᠢᠯᠡᠨ᠂ ᠪᠥᠬᠦ ᠠᠶᠢᠮᠠᠭ ᠤᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ ᠪᠠᠷᠢᠮᠵᠢᠶ᠎ᠠ ᠠᠴᠠ | ᠳᠡᠭᠡᠭᠰᠢᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠳᠤ ᠠᠯᠤᠰ ᠡᠵᠡᠮᠰᠢᠯᠳᠦ ᠣᠨᠳᠣᠤ | ᠭᠠᠵᠠᠷ ᠲᠤ ᠬᠢᠨᠠᠨ ᠦᠨᠡᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠣᠭᠠᠴᠢᠯᠠᠭᠰᠠᠨ ᠠᠷᠭ᠎ᠠ ᠪᠠᠷᠢᠯ ᠢ ᠠᠰᠢᠭᠯᠠᠨ | ᠣᠷᠣᠨ ᠪᠦᠰᠡ ᠶᠢᠨ ᠬᠢᠵᠠᠭᠠᠷᠯᠠᠯ ᠢ ᠡᠪᠳᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ | ᠦᠷ᠎ᠡ ᠪᠦᠲᠦᠮᠵᠢ ᠪᠠ ᠲᠥᠪ ᠭᠤᠤᠯᠴᠢ ᠴᠢᠨᠠᠷ ᠢ ᠲᠡᠭᠡᠭᠰᠢᠯᠡᠬᠦᠯᠪᠡ᠃ | ︽ᠮᠡᠳᠡᠭᠳᠡᠯ︾ ᠢ ᠦᠨᠳᠦᠰᠦᠯᠡᠪᠡᠯ᠂ ᠬᠢᠩᠭᠠᠨ ᠠᠶᠢᠮᠠᠭ ᠲᠥᠷᠥᠯ ᠵᠦᠢᠯ ᠤᠨ ᠵᠣᠭᠤᠰᠣᠨ ᠲᠤᠭ᠎ᠠ ᠵᠢᠴᠢ | ᠲᠥᠷᠥᠯ ᠢᠯᠭᠠᠯ ᠢᠶᠠᠷ ᠲᠡᠰ ᠬᠤᠪᠢᠶᠠᠨ ᠬᠠᠮᠢᠶᠠᠷᠬᠤ ᠪᠤᠯᠤᠨ᠎ᠠ᠄ 200 ᠲᠦᠮᠡᠨ ᠲᠦᠭᠦᠷᠢᠭ ᠠᠴᠠ ᠲᠡᠭᠡᠭᠰᠢᠬᠢ ᠪᠤᠶᠤ | ᠲᠦᠪᠯᠡᠷᠡᠬᠦᠯᠦᠨ ᠬᠤᠳᠠᠯᠳᠤᠨ ᠠᠪᠬᠤ ᠭᠠᠷᠴᠠᠭ ᠤᠨ ᠲᠤᠳᠤᠷᠠᠬᠢ ᠲᠦᠷᠦᠯ ᠵᠦᠢᠯ ᠢ ᠬᠢᠩᠭᠠᠨ ᠠᠶᠢᠮᠠᠭ ᠤᠨ ᠤᠯᠠᠨ | ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠡ ᠶᠢᠨ ᠲᠦᠪ ᠲᠤ ᠨᠢᠭᠡᠳᠦᠯᠳᠡᠢ ᠬᠢᠨᠠᠨ ᠦᠨᠡᠯᠡᠨ᠎ᠡ︔ 200 ᠲᠦᠮᠡᠨ | ᠲᠦᠭᠦᠷᠢᠭ ᠠᠴᠠ ᠲᠤᠷᠤᠭᠰᠢ ᠮᠦᠷᠳᠡᠭᠡᠨ ᠬᠤᠳᠠᠯᠳᠤᠨ ᠠᠪᠬᠤ ᠭᠠᠷᠴᠠᠭ ᠠᠴᠠ ᠭᠠᠳᠠᠨᠠᠬᠢ ᠲᠦᠷᠦᠯ ᠵᠦᠢᠯ ᠳᠤ | ᠨᠡᠶᠢᠭᠡᠮ ᠤᠨ ᠤᠷᠤᠯᠴᠠᠨ ᠬᠦᠢᠴᠡᠳᠭᠡᠬᠦ ᠪᠠᠶᠢᠭᠤᠯᠤᠮᠵᠢ ᠳᠤ ᠨᠠᠶᠢᠳᠠᠵᠦ ᠬᠢᠨᠠᠨ ᠦᠨᠡᠯᠡᠯᠳᠡ ᠬᠢᠯᠭᠡᠨ᠎ᠠ᠃ ᠡᠨᠡᠬᠦ ᠲᠡᠰ | ᠬᠤᠪᠢᠶᠠᠬᠤ ᠲᠤᠭᠳᠠᠴᠠ ᠨᠢ ᠴᠢᠬᠤᠯᠠ ᠶᠡᠭᠡ ᠲᠦᠷᠦᠯ ᠵᠦᠢᠯ ᠤᠨ ᠬᠢᠨᠠᠯᠳᠠ ᠬᠠᠮᠢᠶᠠᠷᠤᠯᠳᠠ ᠶᠢ ᠪᠠᠳᠤᠯᠠᠬᠤ ᠪᠠᠷ | ᠪᠠᠷᠠᠬᠤ ᠦᠭᠡᠢ ᠪᠠᠰᠠ ᠲᠤᠮᠳᠠ ᠪᠠᠭ᠎ᠠ ᠠᠵᠦ ᠠᠬᠤᠶᠢᠯᠠᠯ ᠤᠨ ᠤᠷᠤᠯᠴᠠᠬᠤ ᠳᠤ ᠲᠦᠬᠦᠮ ᠦᠵᠡᠬᠦᠯᠬᠦ ᠪᠤᠯᠤᠨ᠎ᠠ᠃ | ︽ᠠᠯᠤᠰ ᠡᠵᠡᠮᠰᠢᠯᠳᠦ ᠣᠨᠳᠣᠤ ᠭᠠᠵᠠᠷ ᠲᠤ ᠬᠢᠨᠠᠨ ᠦᠨᠡᠯᠡᠬᠦ ᠳᠤ ᠡᠯᠧᠺᠲᠷᠣᠨ ᠲᠠᠪᠴᠠᠩ ᠢᠶᠠᠷ | ᠳᠠᠮᠵᠢᠭᠤᠯᠤᠨ ᠭᠤᠤᠯ᠂ ᠳᠡᠳ᠋ ᠲᠠᠯᠠᠪᠤᠷ ᠤᠨ ᠲᠤᠰᠬᠠᠶ ᠮᠡᠷᠭᠡᠵᠢᠯᠲᠡᠨ ᠰᠦᠯᠵᠢᠶᠡᠨ ᠳᠡᠭᠡᠷ᠎ᠡ ᠬᠠᠮᠵᠢᠯᠴᠠᠬᠤ ᠶᠢ | ᠪᠡᠶᠡᠯᠡᠭᠦᠯᠵᠦ᠂ ᠬᠢᠨᠠᠨ ᠰᠢᠯᠭᠠᠬᠤ ᠲᠤᠰᠬᠠᠢ ᠮᠡᠷᠭᠡᠵᠢᠯᠳᠡᠨ ᠤ ᠡᠬᠢ ᠪᠠᠶᠠᠯᠢᠭ ᠬᠦᠷᠦᠯᠴᠡᠬᠦ ᠦᠭᠡᠢ᠂ ︿ᠲᠠᠨᠢᠯ ᠬᠦᠮᠦᠨ | ﹀ ᠲᠠᠢ ᠪᠠᠶᠢᠬᠤ ᠵᠡᠷᠭᠡ ᠬᠦᠮᠦᠨ ᠤ ᠬᠦᠴᠦᠨ ᠢᠶᠠᠷ ᠵᠤᠷᠢᠭᠤᠳᠠ ᠬᠠᠷᠰᠢᠯᠠᠬᠤ ᠠᠰᠠᠭᠤᠳᠠᠯ ᠢ ᠪᠦᠳᠦᠮᠵᠢᠳᠡᠢ | ᠰᠶᠢᠳᠪᠦᠷᠢᠯᠡᠵᠦ ᠴᠢᠳᠠᠨ᠎ᠠ︾ ᠭᠡᠵᠦ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠶᠢᠨ ᠬᠤᠯᠪᠤᠭᠳᠠᠯ | ᠪᠦᠬᠦᠢ ᠬᠠᠷᠢᠭᠤᠴᠠᠯᠭᠠᠳᠠᠨ ᠲᠠᠨᠢᠯᠴᠠᠭᠤᠯᠤᠨ ᠬᠡᠯᠡᠨ᠎ᠡ᠃ | ᠬᠢᠨᠠᠨ ᠰᠢᠯᠭᠠᠬᠤ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ︽ᠮᠡᠳᠡᠭᠳᠡᠯ︾ ᠳᠤ ᠵᠠᠷᠤᠳᠠᠯ ᠢ ᠬᠤᠪᠢᠶᠠᠨ | ᠡᠬᠦᠷᠭᠡᠯᠡᠬᠦ᠂ ᠮᠡᠷᠭᠡᠵᠢᠯ ᠤᠨ ᠪᠠᠳᠤᠯᠠᠭ᠎ᠠ ᠶᠢᠨ ᠲᠤᠬᠠᠢ ᠪᠠᠰᠠ ᠲᠤᠳᠤᠷᠬᠠᠢ ᠲᠤᠭᠳᠠᠭᠠᠯ ᠭᠠᠷᠭᠠᠵᠠᠢ᠄ ᠲᠤᠰᠬᠠᠢ | ᠮᠡᠷᠭᠡᠵᠢᠯᠳᠡᠨ ᠤ ᠬᠦᠳᠡᠯᠮᠦᠷᠢ ᠦᠢᠯᠡᠴᠢᠯᠡᠭᠡᠨ ᠤ ᠵᠠᠷᠤᠳᠠᠯ ᠢ ᠭᠤᠤᠯ ᠲᠠᠯᠠᠪᠤᠷ ᠠᠴᠠ ᠨᠢᠭᠡᠳᠦᠯᠳᠡᠢ ᠦᠭᠴᠦ᠂ ᠭᠤᠤᠯ | ᠪᠠ ᠳᠡᠳ᠋ ᠲᠠᠯᠠᠪᠤᠷ ᠤᠨ ᠵᠠᠷᠤᠳᠠᠯ ᠢ ᠲᠣᠰ ᠲᠣᠰ ᠬᠠᠷᠢᠶ᠎ᠠ ᠭᠠᠵᠠᠷ ᠤᠨ ᠪᠠᠷᠢᠮᠵᠢᠶ᠎ᠠ ᠪᠠᠷ ᠲᠡᠰᠦᠯᠦᠨ ᠪᠤᠳᠤᠨ᠎ᠠ︔ | ᠬᠤᠳᠠᠯᠳᠤᠨ ᠠᠪᠤᠭᠴᠢ ᠶᠢᠨ ᠲᠥᠯᠥᠭᠡᠯᠡᠭᠴᠢ ᠨᠢ ᠡᠷᠬᠡᠪᠰᠢ ᠣᠷᠣᠨ ᠲᠤᠭ᠎ᠠ ᠲᠠᠢ ᠠᠵᠢᠯ ᠤᠨ ᠪᠠᠶᠢᠷᠢᠨ ᠳᠤ ᠪᠠᠶᠢᠭ᠎ᠠ | ᠠᠵᠢᠯᠳᠠᠨ ᠪᠠᠶᠢᠬᠤ ᠬᠡᠷᠡᠭᠲᠡᠶ ᠪᠥᠭᠡᠳ ᠬᠢᠨᠠᠨ ᠦᠨᠡᠯᠡᠬᠦ ᠰᠦᠢᠳᠭᠡᠯ ᠬᠤᠷᠢᠶᠠᠵᠤ ᠪᠣᠯᠬᠤ ᠦᠭᠡᠢ᠃ ᠭᠡᠨᠡᠳᠲᠡ | ᠴᠠᠬᠢᠯᠭᠠᠨ ᠵᠤᠭᠰᠤᠬᠤ᠂ ᠰᠢᠰᠲ᠋ᠧᠮ ᠰᠠᠭᠠᠳ ᠤᠴᠠᠷᠠᠬᠰᠡᠨ ᠵᠡᠷᠭᠡ ᠪᠠᠶᠢᠳᠠᠯ ᠳᠤ ᠴᠢᠭᠯᠡᠭᠦᠯᠦᠨ᠂ ᠤᠷᠤᠯᠠᠨ | ᠬᠦᠢᠴᠡᠳᠭᠡᠬᠦ ᠪᠠᠶᠢᠭᠤᠯᠤᠮᠵᠢ ᠠᠴᠠ ᠬᠢᠨᠠᠨ ᠦᠨᠡᠯᠡᠬᠦ ᠪᠠᠨ ᠲᠦᠷ ᠵᠤᠭᠰᠤᠭᠠᠬᠤ ᠶᠢᠨ ᠬᠠᠮᠳᠦ ᠲᠤᠬᠢᠳᠠᠢ | ᠰᠶᠢᠳᠪᠦᠷᠢᠯᠡᠵᠦ᠂ ᠬᠤᠳᠠᠯᠳᠤᠨ ᠠᠪᠬᠤ ᠶᠢᠨ ᠲᠦᠪ ᠭᠤᠤᠯᠴᠢ ᠴᠢᠨᠠᠷ ᠢ ᠨᠦᠯᠦᠭᠡᠯᠡᠬᠦ ᠦᠭᠡᠢ ᠪᠠᠶᠢᠬᠤ ᠶᠢ ᠦᠨᠡᠨ ᠬᠦ | ᠪᠠᠳᠤᠯᠠᠬᠤ ᠬᠡᠷᠡᠭᠳᠡᠢ ᠭᠡᠵᠦ ᠱᠠᠭᠠᠷᠳᠠᠪᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ | ᠨᠠᠶᠢᠳᠠᠨ ᠬᠢᠬᠦ ᠪᠠᠶᠢᠭᠤᠯᠤᠮᠵᠢ ᠶᠢᠨ ᠬᠢᠨᠠᠨ ᠦᠨᠡᠯᠡᠬᠦ ᠳᠤ ᠤᠷᠤᠯᠴᠠᠬᠤ ᠬᠢᠷᠢ ᠭᠡᠮ ᠢ ᠬᠦᠴᠦᠨ ᠥᠬᠡᠶ ᠪᠣᠯᠭᠠᠬᠤ ᠶᠢᠨ | ᠬᠠᠮᠲᠤ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠨᠢᠭᠡᠨᠲᠡ ᠠᠶᠢᠮᠠᠭ ᠤᠨ ᠱᠠᠲᠤ ᠪᠣᠯᠤᠨ ᠬᠤᠰᠢᠭᠤ ᠰᠢᠶᠠᠨ | ᠬᠤᠲᠠ ᠶᠢ ᠬᠠᠮᠤᠷᠤᠭᠰᠠᠨ ᠠᠯᠤᠰ ᠡᠵᠡᠮᠰᠢᠯᠳᠦ ᠬᠢᠨᠠᠨ ᠦᠨᠡᠯᠡᠬᠦ ᠰᠦᠯᠵᠢᠶ᠎ᠡ ᠶᠢ ᠪᠠᠶᠢᠭᠤᠯᠵᠤ᠂ ᠲᠦᠷᠦᠭᠦᠤ | ᠪᠦᠯᠦᠭ ᠤᠨ ᠰᠢᠯᠭᠠᠨ ᠠᠪᠬᠤ ᠳᠤ ᠬᠢᠷᠢ ᠲᠡᠩᠴᠡᠭᠰᠡᠨ ᠨᠡᠶᠢᠭᠡᠮ ᠤᠨ ᠣᠷᠣᠯᠠᠨ ᠭᠦᠢᠴᠡᠳᠭᠡᠬᠦ ᠬᠤᠶᠠᠷ | ᠪᠠᠶᠢᠭᠤᠯᠤᠮᠵᠢ ᠶᠢᠨ ᠪᠠᠷᠢᠮᠵᠢᠶᠠᠵᠢᠭᠤᠯᠤᠭᠰᠠᠨ ᠬᠢᠨᠠᠨ ᠦᠨᠡᠯᠡᠬᠦ ᠲᠠᠰᠤᠭ ᠨᠢ ᠵᠢᠩᠬᠢᠨᠢ ᠪᠠᠷ ᠠᠰᠢᠭᠯᠠᠯᠳᠠ ᠳᠤ ᠤᠷᠤᠪᠠ᠃ | ︵ᠲᠤᠯᠭᠠᠭᠤᠷᠢ ᠵᠠᠩ ᠴᠢᠶᠠᠩ︶ | | | | |