ᠬᠢᠩᠭᠠᠨ ᠠᠶᠢᠮᠠᠭ 256.3 ᠺᠢᠯᠣᠮᠧᠲᠷ ᠤᠨ ᠡᠯᠡᠰᠦ ᠳᠤᠭᠤᠯᠤᠭᠰᠠᠨ ᠵᠠᠰᠠᠮᠠᠯ ᠵᠠᠮ ᠢ ᠵᠠᠰᠠᠬᠤ ᠪᠠᠷ ᠪᠣᠶ
ᠨᠡᠶᠢᠲᠡᠯᠡᠭᠰᠡᠨ ᠴᠠᠭ᠄
2025/5/28
        ᠡᠨᠡ ᠵᠢᠯ ᠬᠢᠩᠭᠠᠨ ᠠᠶᠢᠮᠠᠭ 256.3 ᠺᠢᠯᠣᠮᠧᠲᠷ ᠤᠨ ᠡᠯᠡᠰᠦ ᠳᠤᠭᠤᠯᠤᠭᠰᠠᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠡᠭᠦᠨ ᠳᠤ 210 ᠮᠤᠵᠢ ᠶᠢᠨ ᠵᠠᠰᠠᠮᠠᠯ ᠵᠠᠮ ᠤᠨ ᠲᠦᠴᠢᠦᠸᠠᠨ — ᠳ᠋ᠢ ᠭᠦᠡᠭ ᠬᠤᠸᠠ ᠬᠦᠷᠬᠦ ᠬᠡᠰᠡᠭ ᠤᠨ 99.3 ᠺᠢᠯᠣᠮᠧᠲᠷ ᠪᠤᠯᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 157 ᠺᠢᠯᠣᠮᠧᠲᠷ ᠪᠠᠭᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 10.3 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠳᠠᠭᠠᠭᠠᠴᠢᠯᠠᠯᠲᠠ ᠵᠠᠷᠯᠠᠬᠤ ᠠᠵᠢᠯ ᠢ ᠶᠠᠪᠤᠭᠳᠠᠭᠤᠯᠵᠤ ᠪᠠᠶᠢᠨ᠎ᠠ᠃        ᠬᠢᠩᠭᠠᠨ ᠠᠶᠢᠮᠠᠭ ᠡᠨᠡ ᠵᠢᠯ ᠪᠠᠰᠠ ᠡᠯᠡᠰᠦ ᠶᠢ ᠳᠤᠭᠤᠯᠤᠭᠰᠠᠨ ᠵᠠᠰᠠᠮᠠᠯ ᠵᠠᠮ ᠤᠨ 20 ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠤᠷᠳᠤ ᠨᠢ 164.61 ᠺᠢᠯᠤᠮᠧᠲᠷ᠂ ᠶᠡᠷᠦᠩᠬᠡᠢ ᠪᠡᠯᠡ ᠣᠷᠣᠭᠤᠯᠤᠯᠲᠠ ᠨᠢ 0.5 ᠳ᠋ᠦᠩᠰᠢᠭᠤᠷ ᠲᠥᠭᠦᠷᠢᠭ ᠲᠤ ᠬᠦᠷᠴᠦ᠂ ᠤᠳᠤᠬᠠᠨ ᠳᠤ ᠶᠠᠭ ᠳᠠᠭᠠᠭᠠᠴᠢᠯᠠᠯᠲᠠ ᠵᠠᠷᠯᠠᠬᠤ ᠠᠵᠢᠯ ᠢ ᠶᠠᠪᠤᠭᠳᠠᠭᠤᠯᠵᠤ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠣᠷᠣᠨ ᠤ ︿ᠵᠠᠰᠠᠮᠠᠯ ᠵᠠᠮ ᠢᠶᠠᠷ ᠡᠯᠡᠰᠤ ᠶᠢ ᠵᠠᠰᠠᠬᠤ﹀ ᠬᠥᠭᠵᠢᠯᠲᠡ ᠶᠢᠨ ᠲᠥᠯᠥᠪᠵᠢᠭᠦᠯᠭᠡ ︵2024 — 2030 ᠣᠨ︶︾ ᠶᠢ ᠦᠨᠳᠤᠰᠤᠯᠡᠪᠡᠯ᠂ ᠬᠢᠨᠭ᠍ᠭᠠᠨ ᠠᠶᠢᠮᠠᠭ 2030 ᠣᠨ ᠪᠤᠯᠳᠠᠯ᠎ᠠ 99.3 ᠺᠢᠯᠣᠮᠧᠲᠷ ᠤᠨ 1 ᠵᠤᠷᠪᠤᠰ ᠮᠤᠵᠢ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ 471.3 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ 30 ᠲᠥᠷᠥᠯ ᠵᠦᠢᠯ ᠪᠤᠯᠤᠨ 243.7 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ 31 ᠲᠥᠷᠥᠯ ᠵᠦᠢᠯ ᠢ ᠪᠦᠳᠦᠬᠡᠨ ᠪᠠᠶᠢᠭᠤᠯᠬᠤ ᠪᠤᠯᠤᠨ᠎ᠠ᠃ ︵ᠦᠨᠢᠷ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号