ᠬᠢᠨᠭ᠍ᠭᠠᠨ ᠠᠶᠢᠮᠠᠭ ᠵᠡᠮᠳᠡᠭᠴᠤᠳ ᠢ ᠲᠡᠳᠬᠦᠬᠦ ᠠᠯᠪᠠᠨ ᠵᠢᠷᠦᠮ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/28
        ᠤᠶᠢᠷ᠎ᠠ ᠳᠤ᠂ ᠬᠢᠨᠭ᠍ᠭᠠᠨ ᠠᠶᠢᠮᠠᠭ ᠤᠨ ᠠᠵᠢᠯᠴᠢᠨ ᠤ ᠡᠪᠯᠡᠯ᠂ ᠬᠢᠨᠭ᠍ᠭᠠᠨ ᠠᠶᠢᠮᠠᠭ ᠤᠨ ᠵᠡᠮᠳᠡᠭᠴᠤᠳ ᠤᠨ ᠬᠤᠯᠪᠤᠭ᠎ᠠ ᠠᠴᠠ ᠭᠤᠤᠯᠯᠠᠨ ᠡᠷᠬᠢᠯᠡᠵᠦ᠂ ᠤᠯᠠᠭᠠᠨᠬᠤᠳᠠ ᠶᠢᠨ ᠰᠤᠷᠭᠠᠨ ᠬᠦᠮᠦᠵᠢᠯ ᠤᠨ ᠲᠤᠪᠴᠢᠶ᠎ᠠ᠂ ᠤᠯᠠᠭᠠᠨᠬᠤᠳᠠ ᠶᠢᠨ ᠪᠠᠭᠠᠴᠤᠳ ᠤᠨ ᠤᠷᠳᠤᠨ ᠵᠡᠷᠭᠡ ᠤᠯᠠᠨ ᠪᠠᠶᠢᠭᠤᠯᠭ᠎ᠠ ᠬᠠᠮᠳᠤᠷᠠᠨ ᠡᠷᠬᠢᠯᠡᠭᠰᠡᠨ ︽ᠬᠠᠶᠢᠷ᠎ᠠ ᠶᠢ ᠤᠯᠠᠮᠵᠢᠯᠠᠨ ᠬᠠᠮᠳᠤᠪᠡᠷ ᠤᠷᠤᠬᠰᠢᠯᠠᠬᠤ︾ ᠵᠡᠮᠳᠡᠭᠴᠤᠳ ᠢ ᠲᠡᠳᠬᠦᠬᠦ ᠠᠯᠪᠠᠨ ᠵᠢᠷᠦᠮ ᠤᠨ ᠠᠵᠢᠯᠯᠠᠭ᠎ᠠ ᠶᠢ ᠬᠢᠨᠭ᠍ᠭᠠᠨ ᠠᠶᠢᠮᠠᠭ ᠤᠨ ᠰᠤᠶᠤᠯ ᠤᠨ ᠲᠦᠪ ᠤᠨ ᠠᠭᠤᠳᠠᠮ ᠲᠠᠯᠠᠪᠠᠢ ᠳᠤ ᠦᠷᠨᠢᠬᠦᠯᠪᠡ᠃        ᠠᠵᠢᠯᠯᠠᠭ᠎ᠠ ᠶᠢᠨ ᠠᠬᠤᠢ ᠲᠠᠯᠠᠪᠠᠢ ᠳᠤ᠂ ᠤᠯᠠᠭᠠᠨᠬᠤᠳᠠ ᠶᠢᠨ ᠪᠠᠭᠠᠴᠤᠳ ᠤᠨ ᠤᠷᠳᠤᠨ ᠤ ᠴᠢᠩ ᠾᠧ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠤᠨ ᠬᠡᠤᠬᠡᠳ ᠤᠳ ᠬᠡᠷ ᠲᠡᠭᠡᠨ ᠰᠤᠯᠠ ᠪᠠᠶᠢᠭ᠎ᠠ ᠵᠢᠷᠤᠬᠳᠤ ᠲᠡᠪᠳᠡᠷ ᠂ ᠲᠤᠬᠯᠠᠭᠠᠮ ᠤᠨ ᠵᠦᠢᠯ᠂ ᠭᠠᠷ ᠤᠷᠠᠯᠠᠯ ᠤᠨ ᠪᠦᠳᠦᠭᠡᠭᠳᠡᠬᠦᠨ ᠪᠤᠯᠤᠨ ᠵᠡᠮᠳᠡᠭᠴᠤᠳ ᠤᠨ ᠭᠠᠷ ᠤᠷᠠᠯᠠᠯ ᠤᠨ ᠬᠠᠶᠢᠴᠢᠯᠠᠮᠠᠯ᠂ ᠬᠠᠳᠬᠤᠮᠠᠯ᠂ ᠬᠦᠷᠦᠮᠡᠯ ᠵᠡᠷᠭᠡ ᠪᠠᠨ ᠠᠯᠪᠠᠨ ᠵᠢᠷᠦᠮ ᠤᠨ ᠬᠤᠳᠠᠯᠳᠤᠭ᠎ᠠ ᠶᠢᠨ ᠲᠠᠯᠠᠪᠦᠷ ᠲᠤ ᠲᠡᠯᠬᠡᠨ ᠦᠵᠡᠬᠦᠯᠪᠡ᠃        ᠰᠠᠶᠢᠨ ᠲᠤᠷᠠᠴᠤᠤᠯ ᠸᠠᠩ ᠶᠦᠨ ᠬᠠᠨ᠄ ︽ᠪᠢ ᠦᠨᠦᠳᠦᠷ ᠠᠪᠤ ᠡᠵᠢ ᠲᠠᠢ ᠪᠠᠨ ᠬᠠᠮᠳᠤ ᠦᠪᠡᠷ ᠤᠨ ᠨᠤᠮ ᠲᠡᠪᠳᠡᠷ ᠪᠠ ᠲᠤᠬᠯᠠᠭᠠᠮ ᠤᠨ ᠵᠦᠢᠯᠡᠰ ᠢᠶᠠᠨ ᠠᠪᠴᠢᠷᠠᠵᠠᠢ᠃ ᠠᠯᠪᠠᠨ ᠵᠢᠷᠦᠮ ᠤᠨ ᠬᠤᠳᠠᠯᠳᠤᠭ᠎ᠠ ᠶᠢᠨ ᠠᠷᠭ᠎ᠠ ᠪᠠᠷ ᠵᠡᠮᠳᠡᠭᠴᠤᠳ ᠢ ᠬᠠᠪᠰᠤᠷᠤᠬᠰᠠᠨ ᠳᠠᠭᠠᠨ ᠲᠦᠢᠯ ᠢᠶᠠᠷ ᠪᠠᠶᠠᠷᠳᠠᠢ ᠪᠠᠶᠢᠨ᠎ᠠ︕︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ ᠤᠯᠠᠨ ᠡᠰᠢᠵᠢᠭᠰᠡᠨ ᠰᠤᠯᠢᠯᠴᠠᠭᠠᠨ ᠤ ᠠᠭᠤᠯᠭ᠎ᠠ ᠲᠤᠬᠢᠷᠠᠭᠤᠯᠵᠦ᠂ ᠲᠤᠬᠢᠶᠠᠨ ᠤ ᠬᠡᠯᠡ ᠶᠢᠨ ᠪᠠᠭ᠎ᠠ ᠬᠢᠴᠢᠶᠡᠯ ᠤᠨ ᠲᠠᠩᠬᠢᠮ ᠳᠤ ᠰᠤᠨᠤᠰᠬᠤ ᠴᠢᠳᠠᠪᠦᠷᠢ ᠮᠠᠭᠤ ᠬᠦᠮᠦᠰ ᠲᠤ ᠲᠤᠬᠢᠶᠠᠨ ᠤ ᠬᠡᠯᠡ ᠶᠢᠨ ᠵᠢᠭᠠᠨ ᠰᠤᠷᠭᠠᠯᠳᠠ ᠬᠢᠵᠡᠢ᠃ ᠤᠷ᠎ᠠ ᠮᠡᠷᠬᠡᠵᠢᠯ ᠤᠨ ᠦᠵᠡᠬᠦᠯᠬᠡ ᠶᠢᠨ ᠲᠤᠭᠤᠷᠢᠭ ᠲᠤ ᠵᠡᠮᠳᠡᠭᠴᠤᠳ ᠤᠨ ᠭᠠᠷ ᠤᠷᠠᠯᠠᠯ ᠤᠨ ᠪᠠᠭ᠋ᠠᠳᠡᠳ ᠬᠠᠶᠢᠴᠢᠯᠠᠮᠠᠯ᠂ ᠤᠷᠠᠨ ᠪᠢᠴᠢᠯᠬᠡ ᠵᠡᠷᠭᠡ ᠤᠷ᠎ᠡ ᠮᠡᠷᠬᠡᠵᠢᠯ ᠢᠶᠠᠨ ᠤᠯᠠᠨ ᠳᠤ ᠦᠵᠡᠬᠦᠯᠪᠡ᠃ ᠵᠠᠯᠠᠭᠤᠴᠤᠳ ᠪᠠᠭᠠᠴᠤᠳ ᠤᠨ ᠰᠠᠶᠢᠨ ᠲᠤᠷᠠᠴᠤᠤᠯ ᠬᠠᠶᠢᠷ᠎ᠠ ᠬᠠᠯᠠᠮᠵᠢᠳᠤ ᠤᠷᠠᠨ ᠰᠠᠶᠢᠬᠠᠨ ᠤ ᠲᠤᠬᠯᠠᠯᠳᠠ ᠭᠠᠷᠭᠠᠵᠦ ᠤᠯᠠᠨ ᠢ ᠪᠠᠶᠠᠰᠬᠠᠵᠠᠢ᠃        ᠬᠡᠷ ᠤᠨ ᠠᠬᠠᠮᠡᠳ ᠯᠥᠸᠧ ᠵᠢᠩ ᠷᠤ᠋᠄ ︽ᠬᠡᠤᠬᠡᠳ ᠲᠠᠢ ᠪᠠᠨ ᠬᠠᠮᠳᠤ ᠡᠶᠢᠮᠦᠷᠬᠦᠦ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠳᠤ ᠤᠷᠤᠯᠴᠠᠭᠠᠳ ᠬᠡᠤᠬᠡᠳ ᠤᠨ ᠪᠤᠰᠤᠳ ᠲᠠᠢ ᠬᠠᠷᠢᠯᠴᠠᠬᠤ ᠴᠢᠳᠠᠪᠦᠷᠢ ᠶᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠪᠠᠰᠠ ᠵᠡᠮᠳᠡᠭᠴᠤᠳ ᠢ ᠲᠡᠳᠬᠦᠬᠦ ᠳᠤ ᠦᠪᠡᠷ ᠤᠨ ᠬᠡᠰᠡᠨ ᠬᠤᠪᠢ ᠨᠡᠮᠡᠷᠢ ᠪᠠᠨ ᠦᠵᠡᠬᠦᠯᠵᠡᠢ︕︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠤᠶᠢᠯᠠᠭᠠᠬᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠶᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠬᠳᠠᠭᠤᠯᠵᠦ᠂ ᠤᠯᠠᠭᠠᠨᠬᠤᠳᠠ ᠶᠢᠨ ᠪᠠᠭᠠᠴᠤᠳ ᠤᠨ ᠤᠷᠳᠤᠨ ᠤ ᠴᠢᠩ ᠾᠧ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠤᠨ 230 ᠲᠤᠭᠤᠶᠢᠯᠠᠩ ᠬᠡᠷ ᠪᠦᠯᠢ ᠤᠷᠤᠯᠴᠠᠵᠦ᠂ 2000 ᠭᠠᠷᠦᠢ ᠲᠦᠬᠦᠷᠢᠭ ᠤᠨ ᠪᠤᠶᠠᠨ ᠦᠢᠯᠡᠳᠬᠦ ᠵᠤᠭᠤᠰ ᠴᠤᠬᠯᠠᠭᠤᠯᠵᠠᠢ᠃ ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠰᠠ ᠨᠡᠶᠢᠬᠡᠮ ᠤᠨ ᠬᠠᠯᠠᠭᠤᠨ ᠰᠡᠳᠬᠢᠯᠳᠤ ᠬᠦᠮᠦᠰ ᠵᠢᠴᠢ ᠰᠠᠶᠢᠨ ᠲᠤᠷᠠᠴᠤᠤᠯ ᠤᠨ ᠬᠠᠨᠳᠢᠪᠯᠠᠬᠰᠠᠨ ᠨᠤᠮ ᠲᠡᠪᠳᠡᠷ᠂ ᠲᠤᠬᠯᠠᠭᠠᠮ ᠤᠨ ᠵᠦᠢᠯᠡᠰ ᠵᠢᠴᠢ ᠠᠮᠢᠳᠦᠷᠠᠯ ᠤᠨ ᠬᠡᠷᠡᠭᠰᠡᠯ ᠵᠡᠷᠭᠡ ᠬᠠᠶᠢᠷ᠎ᠠ ᠬᠠᠯᠠᠮᠵᠢᠳᠤ ᠡᠳ᠋ ᠪᠤᠳᠠᠰ ᠢ 3000 ᠭᠠᠷᠦᠢ ᠢᠵᠢ ᠬᠤᠷᠢᠶᠠᠨ ᠤᠯᠵᠦ᠂ ᠡᠳᠡᠭᠡᠷ ᠬᠠᠶᠢᠷ᠎ᠠ ᠬᠠᠯᠠᠮᠵᠢᠳᠤ ᠪᠡᠯᠡ ᠮᠦᠡᠭᠬᠦ ᠪᠠ ᠡᠳ᠋ ᠪᠤᠳᠠᠰ ᠢᠶᠠᠨ ᠪᠦᠬᠦᠨ ᠢ ᠬᠢᠨᠭ᠍ᠭᠠᠨ ᠠᠶᠢᠮᠠᠭ ᠤᠨ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠪᠠ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠳᠤ ᠬᠠᠨᠳᠢᠪᠯᠠᠨ᠂ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠨᠦᠬᠦᠴᠡᠯ ᠢ ᠰᠠᠶᠢᠵᠢᠷᠠᠭᠤᠯᠬᠤ ᠳᠤ ᠬᠡᠷᠡᠭᠯᠡᠬᠦ ᠪᠤᠯᠤᠨ᠎ᠠ᠃ ᠬᠤᠸᠠᠩ ᠶᠠᠨ ᠮᠧᠩ ᠭᠤᠸᠠᠩ ᠡᠾᠦ᠋ᠢ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号