ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠦᠪᠡᠷᠳᠡᠬᠡᠨ ᠵᠠᠰᠠᠬᠤ ᠤᠷᠤᠨ ᠤ ᠡᠸᠦ᠋ᠷᠦᠫᠠ ᠡᠮᠨᠡᠯᠬᠡ ᠶᠢᠨ ᠴᠢᠳᠠᠪᠤᠷᠢᠳᠠᠳ ᠤᠨ ᠮᠤᠩᠭᠤᠯ ᠡᠮᠨᠡᠯᠬᠡ ᠰᠤᠷᠤᠯᠴᠠᠬᠤ ᠰᠠᠭᠤᠷᠢᠨ ᠭᠠᠵᠠᠷ ᠢᠶᠠᠷ ᠵᠦᠪᠰᠢᠶᠡᠷᠡᠭᠳᠡᠪᠡ
ᠨᠡᠶᠢᠲᠡᠯᠡᠭᠰᠡᠨ ᠴᠠᠭ᠄
2025/5/28
        ᠤᠶᠢᠷ᠎ᠠ ᠶᠢᠨ ᠡᠳᠦᠷ᠂ ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠠᠯᠪᠠᠨ ᠬᠡᠷ ᠤᠨ ᠵᠦᠪᠰᠢᠶᠡᠷᠡᠯ ᠢᠶᠠᠷ᠂ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠨᠢ ᠦᠪᠡᠷᠳᠡᠬᠡᠨ ᠵᠠᠰᠠᠬᠤ ᠤᠷᠤᠨ ᠤ ᠡᠸᠦ᠋ᠷᠦᠫᠠ ᠡᠮᠨᠡᠯᠬᠡ ᠶᠢᠨ ᠴᠢᠳᠠᠪᠦᠷᠢᠳᠠᠳ ᠤᠨ ᠮᠤᠩᠭᠤᠯ ᠡᠮᠨᠡᠯᠬᠡ ᠰᠤᠷᠤᠯᠴᠠᠬᠤ ᠪᠤᠯᠪᠠᠰᠦᠷᠠᠯ ᠤᠨ ᠰᠠᠭᠤᠷᠢᠨ ᠭᠠᠵᠠᠷ ᠢᠶᠠᠷ ᠲᠤᠬᠳᠠᠭᠠᠬᠳᠠᠪᠠ᠃ ᠡᠨᠡᠬᠦ ᠬᠢᠷᠢ ᠬᠡᠮ ᠢ ᠤᠯᠤᠬᠰᠠᠨ ᠨᠢ ᠬᠢᠨᠭ᠍ᠭᠠᠨ ᠠᠶᠢᠮᠠᠭ ᠤᠨ ᠬᠢᠳᠡᠳ ᠡᠮ ᠡᠮᠨᠡᠯᠬᠡ ︵ᠮᠤᠩᠭᠤᠯ ᠡᠮ ᠡᠮᠨᠡᠯᠬᠡ︶ ᠶᠢᠨ ᠬᠦᠨ ᠠᠭᠤᠯᠤᠬᠳᠠᠬᠤᠨ ᠪᠠ ᠪᠤᠳᠠᠳᠤ ᠬᠦᠴᠦᠨ ᠤ ᠲᠤᠬᠠᠢ ᠦᠨᠳᠦᠷ ᠦᠨᠡᠯᠡᠯᠳᠡ ᠪᠤᠯᠬᠤ ᠪᠦᠭᠡᠳ ᠬᠢᠨᠭ᠍ᠭᠠᠨ ᠠᠶᠢᠮᠠᠭ ᠬᠢᠳᠡᠳ ᠡᠸᠦ᠋ᠷᠦᠫᠠ ᠡᠮᠨᠡᠯᠬᠡ ᠶᠢ ᠤᠶᠠᠯᠳᠤᠭᠤᠯᠤᠬᠰᠠᠨ ᠴᠢᠳᠠᠪᠦᠷᠢᠳᠠᠨ ᠢ ᠬᠦᠮᠦᠵᠢᠬᠦᠯᠬᠦ ᠳᠤ ᠰᠢᠨ᠎ᠠ ᠬᠠᠭᠤᠳᠠᠰᠦ ᠶᠢ ᠪᠢᠴᠢᠭᠯᠡᠭᠰᠡᠨ ᠢ ᠬᠠᠷᠠᠭᠤᠯᠵᠦ ᠪᠤᠢ         ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠦᠪᠡᠷᠳᠡᠬᠡᠨ ᠵᠠᠰᠠᠬᠤ ᠤᠷᠤᠨ ᠤ ᠡᠸᠦ᠋ᠷᠦᠫᠠ ᠡᠮᠨᠡᠯᠬᠡ ᠶᠢᠨ ᠴᠢᠳᠠᠪᠦᠷᠢᠳᠠᠳ ᠤᠨ ᠮᠤᠩᠭᠤᠯ ᠡᠮᠨᠡᠯᠬᠡ ᠰᠤᠷᠤᠯᠴᠠᠬᠤ ᠪᠤᠯᠪᠠᠰᠦᠷᠠᠯ ᠤᠨ ᠰᠠᠭᠤᠷᠢᠨ ᠭᠠᠵᠠᠷ ᠪᠤᠯᠤᠬᠰᠠᠨ ᠨᠢ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠬᠳᠠᠯ ᠲᠠᠢ ᠶᠤᠮ᠃ ᠭᠤᠤᠯᠳᠠᠭᠤ ᠬᠢᠳᠡᠳ ᠡᠸᠦ᠋ᠷᠦᠫᠠ ᠡᠮᠨᠡᠯᠬᠡ ᠶᠢ ᠤᠶᠠᠯᠳᠤᠭᠤᠯᠤᠬᠰᠠᠨ ᠲᠤᠰᠬᠠᠢ ᠰᠠᠯᠠᠭᠠᠨ ᠤ ᠪᠠᠶᠢᠭᠤᠯᠤᠯᠳᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠠ ᠶᠢ ᠡᠬᠦᠳᠬᠦ ᠪᠠ ᠴᠢᠳᠠᠪᠦᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠦ᠂ ᠨᠢᠬᠡ ᠪᠦᠯᠦᠭ ᠬᠢᠳᠡᠳ ᠡᠮ ᠡᠮᠨᠡᠯᠬᠡ ︵ᠮᠤᠩᠭᠤᠯ ᠡᠮ ᠡᠮᠨᠡᠯᠬᠡ︶ ᠶᠢᠨ ᠤᠨᠤᠯ ᠤᠨ ᠮᠡᠳᠡᠯᠬᠡ ᠶᠢ ᠡᠵᠡᠮᠰᠢᠭᠰᠡᠨ ᠮᠦᠷᠳᠡᠬᠡᠨ ᠤᠳᠤ ᠦᠶ᠎ᠡ ᠶᠢᠨ ᠡᠮ ᠡᠮᠨᠡᠯᠬᠡ ᠶᠢ ᠮᠡᠳᠡᠯᠬᠡ ᠲᠠᠢ ᠨᠡᠶᠢᠯᠡᠮᠡᠯ ᠬᠡᠯᠪᠡᠷᠢ ᠶᠢᠨ ᠴᠢᠳᠠᠪᠦᠷᠢᠳᠠᠨ ᠢ ᠬᠦᠮᠦᠵᠢᠬᠦᠯᠬᠦ ᠪᠠᠷ ᠵᠤᠷᠢᠯᠭ᠎ᠠ ᠪᠤᠯᠭᠠᠵᠠᠢ᠃        ᠲᠠᠷᠠᠭᠠᠴᠢ ᠪᠠᠷ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠢᠮᠠᠬᠳᠠ ︽ᠤᠯᠠᠮᠵᠢᠯᠠᠨ ᠰᠢᠨᠡᠴᠢᠯᠡᠬᠦ᠂ ᠠᠷᠠᠳ ᠲᠦᠮᠡᠨ ᠳᠤ ᠦᠢᠯᠡᠴᠢᠯᠡᠬᠦ︾ ᠵᠤᠷᠢᠯᠳᠠ ᠶᠢ ᠪᠠᠷᠢᠮᠳᠠᠯᠠᠨ᠂ ᠬᠢᠳᠡᠳ ᠡᠮ ᠡᠮᠨᠡᠯᠬᠡ ︵ᠮᠤᠩᠭᠤᠯ ᠡᠮ ᠡᠮᠨᠡᠯᠬᠡ︶ ᠶᠢᠨ ᠦᠢᠯᠡᠰ ᠤᠨ ᠦᠬᠡᠷᠡᠴᠢᠯᠡᠯᠳᠡ ᠬᠦᠭᠵᠢᠯᠳᠡ ᠶᠢ ᠦᠷᠬᠦᠯᠵᠢᠯᠡᠨ ᠬᠦᠨᠵᠡᠬᠡᠶᠢᠷᠡᠬᠦᠯᠵᠦ ᠂ ᠦᠪᠡᠷ ᠤᠨ ᠪᠡᠶ᠎ᠡ ᠶᠢᠨ ᠲᠠᠪᠠᠭᠤᠯᠢᠭ ᠢᠶᠠᠨ ᠪᠠᠳᠠᠷᠠᠭᠤᠯᠵᠦ᠂ ᠰᠢᠯᠢᠳᠡᠭ ᠵᠢᠭᠠᠨ ᠰᠤᠷᠭᠠᠯᠳᠠ ᠶᠢᠨ ᠡᠬᠢ ᠪᠠᠶᠠᠯᠢᠭ ᠢ ᠨᠡᠶᠢᠳᠬᠡᠵᠦ᠂ ᠰᠢᠨᠵᠢᠯᠡᠬᠦ ᠤᠬᠠᠭᠠᠨᠴᠢ ᠵᠤᠬᠢᠰᠳᠠᠢ ᠪᠤᠯᠪᠠᠰᠦᠷᠠᠯ ᠤᠨ ᠲᠦᠯᠦᠪᠯᠡᠭᠡ ᠲᠤᠬᠳᠠᠭᠠᠵᠦ᠂ ᠬᠢᠳᠡᠳ ᠡᠸᠦ᠋ᠷᠦᠫᠠ ᠡᠮᠨᠡᠯᠬᠡ ᠶᠢ ᠤᠶᠠᠯᠳᠤᠭᠤᠯᠤᠬᠰᠠᠨ ᠠᠨᠠᠭᠠᠬᠤ ᠤᠬᠠᠭᠠᠨ ᠤ ᠤᠨᠤᠰᠢᠯᠠᠨ ᠵᠠᠰᠠᠬᠤ ᠴᠢᠳᠠᠪᠦᠷᠢ ᠶᠢ ᠦᠨᠡᠨ ᠬᠦ ᠲᠡᠭᠡᠭᠰᠢᠯᠡᠬᠦᠯᠵᠦ᠂ ᠮᠤᠩᠭᠤᠯ ᠡᠮ ᠡᠮᠨᠡᠯᠬᠡ ᠶᠢᠨ ᠤᠯᠠᠮᠵᠢᠯᠠᠯ ᠰᠢᠨᠠᠴᠢᠯᠡᠯ ᠢ ᠠᠬᠢᠭᠤᠯᠬᠤ᠂ ᠬᠢᠳᠡᠳ ᠡᠸᠦ᠋ᠷᠦᠫᠠ ᠡᠮᠨᠡᠯᠬᠡ ᠶᠢᠨ ᠲᠡᠩᠴᠡᠭᠦᠷᠢᠳᠡᠢ ᠬᠦᠭᠵᠢᠯᠳᠡ ᠶᠢ ᠠᠬᠢᠭᠤᠯᠬᠤ ᠳᠤ ᠬᠢᠨᠭ᠍ᠭᠠᠨ ᠤ ᠬᠦᠴᠦᠨ ᠢᠶᠠᠨ ᠨᠡᠮᠡᠷᠢᠯᠡᠬᠦ ᠪᠤᠯᠤᠨ᠎ᠠ᠃ ︵ᠰᠡᠷᠬᠦᠯᠡᠩ︶ 
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号