| ᠬᠦᠳᠡᠭᠡ ᠲᠤᠰᠬᠤᠨ ᠤ ᠤᠯᠠᠨ ᠲᠦᠮᠡᠨ ᠤ ᠰᠢᠮ᠎ᠡ ᠲᠡᠵᠢᠬᠡᠯ ᠤᠨ ᠡᠷᠡᠬᠦᠯ ᠮᠡᠨᠳᠤ ᠶᠢᠨ ᠲᠤᠬᠠᠢ ᠦᠵᠡᠯᠳᠡ | ᠲᠠᠨᠢᠯᠳᠠ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠰᠢᠨᠵᠢᠯᠡᠬᠦ ᠤᠬᠠᠭᠠᠨᠴᠢ ᠪᠠᠷ | ᠬᠤᠭᠤᠯᠠᠯᠠᠬᠤ ᠦᠵᠡᠯᠳᠡ ᠶᠢ ᠲᠦᠬᠡᠮᠡᠯᠵᠢᠬᠦᠯᠵᠦ᠂ ᠡᠪᠡᠳᠴᠢᠨ ᠡᠮᠬᠡᠭ ᠢ ᠰᠡᠷᠬᠡᠶᠢᠯᠡᠨ ᠡᠷᠡᠬᠦᠯ ᠴᠢᠬᠢᠷᠠᠭ ᠢᠳᠡᠬᠡᠨ | ᠤᠮᠳᠠᠭᠠᠨ ᠤ ᠤᠬᠠᠮᠰᠠᠷ ᠢ ᠪᠤᠢ ᠪᠤᠯᠭᠠᠬᠤ ᠶᠢᠨ ᠲᠦᠯᠦᠬᠡ᠂ ᠤᠶᠢᠷ᠎ᠠ ᠳᠤ ᠬᠢᠨᠭ᠍ᠭᠠᠨ ᠠᠶᠢᠮᠠᠭ ᠤᠨ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠤᠨ ᠬᠢᠨ ᠤᠯᠠᠭᠠᠨᠬᠤᠳᠠ ᠶᠢᠨ ᠢᠯᠡᠯᠳᠡ | ᠪᠠᠯᠭᠠᠰᠦ ᠶᠢᠨ ᠢᠯᠡᠯᠳᠡ ᠭᠠᠴᠠᠭᠠᠨ ᠳᠤ ᠬᠦᠷᠴᠦ᠂ ︽ᠢᠳᠡᠵᠦ ᠤᠤᠭᠤᠬᠤ ᠬᠦᠳᠡᠯᠬᠡᠬᠡᠨ ᠬᠢᠬᠦ ᠪᠠᠨ ᠵᠤᠬᠢᠴᠠᠭᠤᠯᠵᠦ | ᠡᠷᠡᠬᠦᠯ ᠴᠢᠬᠢᠷᠠᠭ ᠪᠡᠶ᠎ᠡ ᠶᠢᠨ ᠬᠦᠨᠳᠤ ᠪᠠᠨ ᠪᠠᠳᠦᠯᠠᠬᠤ ᠪᠠᠷ ᠪᠦᠬᠦ ᠠᠷᠠᠳ ᠢᠶᠠᠷ ᠢᠶᠠᠨ ᠬᠦᠳᠡᠯᠦᠯᠴᠡᠬᠦ︾ ᠭᠤᠤᠯ | ᠰᠡᠳᠤᠪᠳᠤ ᠰᠠᠭᠤᠳᠠᠯ ᠤᠨ ᠬᠤᠷᠠᠯ ᠡᠷᠬᠢᠯᠡᠵᠦ᠂ ᠰᠠᠭᠤᠭᠠᠯᠢ ᠠᠷᠠᠳ ᠤᠨ ᠰᠢᠯᠢᠳᠡᠭ ᠢᠳᠡᠬᠡᠨ ᠤᠮᠳᠠᠭᠠᠨ ᠤ | ᠲᠠᠳᠬᠠᠯ ᠲᠠᠢ ᠪᠤᠯᠬᠤ ᠶᠢ ᠬᠦᠳᠦᠯᠦᠨ ᠵᠢᠯᠤᠭᠤᠳᠴᠠᠢ᠃ | ᠠᠵᠢᠯᠯᠠᠭ᠎ᠠ ᠳᠤ᠂ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠰᠢᠮ᠎ᠡ ᠲᠡᠵᠢᠬᠡᠯ ᠤᠨ | ᠰᠠᠯᠠᠭ᠎ᠠ ᠶᠢᠨ ᠡᠮᠴᠢ ᠬᠤᠭᠤᠯᠠ ᠤᠮᠳᠠ ᠪᠤᠯᠤᠨ ᠡᠷᠡᠬᠦᠯ ᠮᠡᠨᠳᠤ᠂ ᠵᠤᠬᠢᠰᠳᠠᠢ ᠬᠤᠭᠤᠯᠠᠯᠠᠬᠤ ᠶᠢᠨ ᠤᠬᠠᠬᠳᠠᠬᠤᠨ᠂ | ᠬᠡᠷᠬᠢᠨ ᠵᠤᠬᠢᠰᠳᠠᠢ ᠬᠤᠭᠤᠯᠠᠯᠠᠬᠤ᠂ ᠨᠠᠰᠦᠳᠠᠶᠢᠴᠤᠳ ᠤᠨ ᠵᠤᠬᠢᠰᠳᠠᠢ ᠬᠤᠭᠤᠯᠠᠯᠠᠬᠤ ᠵᠡᠷᠭᠡ ᠠᠭᠤᠯᠭ᠎ᠠ ᠶᠢᠨ | ᠲᠤᠭᠤᠷᠢᠨ ᠳᠤ ᠲᠠᠶᠢᠯᠪᠦᠷᠢᠯᠠᠯᠳᠠ ᠬᠢᠵᠦ᠂ ᠡᠳᠦᠷ ᠲᠤᠳᠤᠮ ᠤᠨ ᠠᠮᠢᠳᠦᠷᠠᠯ ᠲᠤᠮᠳᠠ ᠵᠤᠬᠢᠰᠳᠠᠢ ᠬᠤᠭᠤᠯᠠᠯᠠᠬᠤ | ᠮᠡᠳᠡᠯᠬᠡ ᠶᠢ ᠬᠤᠪᠢᠶᠠᠯᠴᠠᠵᠦ᠂ ᠰᠠᠭᠤᠭᠠᠯᠢ ᠠᠷᠠᠳ ᠲᠤ ᠵᠦᠪ ᠤᠨᠤᠪᠴᠢᠳᠠᠢ ᠪᠠᠷ ᠪᠡᠶ᠎ᠡ ᠶᠢᠨ ᠬᠦᠨᠳᠤ ᠪᠠᠨ | ᠬᠠᠮᠢᠶᠠᠷᠬᠤ ᠠᠷᠭ᠎ᠠ ᠶᠢ ᠡᠵᠡᠮᠰᠢᠬᠦᠯᠵᠡᠢ᠃ ᠡᠮᠴᠢ ᠠᠴᠠ ᠪᠠᠰᠠ ᠠᠮᠢᠳᠤᠯᠢᠭ ᠬᠡᠷᠡᠭ ᠤᠨ ᠵᠢᠱᠢᠶ᠎ᠡ ᠪᠠᠷ ᠰᠠᠭᠤᠭᠠᠯᠢ | ᠠᠷᠠᠳ ᠲᠤ BMI ᠶᠢ ᠪᠤᠳᠤᠬᠤ ᠠᠷᠭ᠎ᠠ᠂ ᠪᠡᠶ᠎ᠡ ᠳᠠᠬᠢ ᠦᠬᠡᠬᠦ ᠶᠢᠨ ᠨᠤᠷᠮ᠎ᠠ ᠶᠢ ᠬᠢᠨᠠᠨ ᠲᠤᠬᠳᠠᠭᠠᠬᠤ ᠪᠠᠷᠢᠮᠵᠢᠶ᠎ᠡ | ᠵᠡᠷᠭᠡ ᠮᠡᠳᠡᠯᠬᠡ ᠶᠢ ᠲᠠᠨᠢᠯᠴᠠᠭᠤᠯᠵᠦ᠂ ᠰᠠᠭᠤᠭᠠᠯᠢ ᠠᠷᠠᠳ ᠤᠨ ᠪᠡᠶ᠎ᠡ ᠶᠢᠨ ᠬᠦᠨᠳᠤ ᠶᠢᠨ ᠬᠠᠮᠢᠶᠠᠷᠦᠯᠳᠠ ᠶᠢ | ᠵᠦᠪ ᠢᠶᠠᠷ ᠤᠶᠢᠯᠠᠭᠠᠨ ᠲᠠᠨᠢᠵᠦ᠂ ᠡᠷᠡᠬᠦᠯ ᠴᠢᠬᠢᠷᠠᠭ ᠠᠮᠢᠳᠦᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ | ᠠᠬᠢᠭᠤᠯᠵᠦ᠂ ᠠᠷᠬᠠᠭ ᠡᠪᠡᠳᠴᠢᠨ ᠢ ᠰᠡᠷᠬᠡᠶᠢᠯᠡᠬᠦ ᠶᠢ ᠴᠢᠩᠭᠠᠳᠬᠠᠵᠠᠢ᠃ | ᠲᠠᠷᠠᠭᠠᠴᠢ ᠪᠠᠷ᠂ ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠲᠦᠪ ᠤᠯᠠᠨ ᠲᠦᠮᠡᠨ ᠤ ᠡᠷᠡᠬᠦᠯ ᠮᠡᠨᠳᠤ ᠶᠢᠨ ᠱᠠᠭᠠᠷᠳᠠᠯᠭ᠎ᠠ ᠶᠢ ᠦᠷᠬᠦᠯᠵᠢᠯᠡᠨ ᠠᠩᠬᠠᠷᠴᠦ᠂ | ᠡᠯᠪᠡᠭ ᠠᠭᠤᠯᠭ᠎ᠠ ᠲᠠᠢ ᠡᠷᠡᠬᠦᠯ ᠬᠠᠮᠠᠭᠠᠯᠠᠯ ᠤᠨ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠳᠤ ᠨᠡᠩ ᠤᠯᠠᠨ | ᠲᠤᠰᠬᠠᠢ ᠮᠡᠷᠬᠡᠵᠢᠯ ᠤᠨ ᠡᠷᠡᠬᠦᠯ ᠮᠡᠨᠳᠤ ᠶᠢᠨ ᠵᠢᠯᠤᠭᠤᠳᠤᠯᠭ᠎ᠠ ᠪᠠ ᠦᠢᠯᠡᠴᠢᠯᠡᠭᠡ ᠬᠠᠨᠭ᠍ᠭᠠᠵᠦ᠂ ᠤᠯᠠᠨ ᠲᠦᠮᠡᠨ ᠤ | ᠡᠷᠡᠬᠦᠯ ᠮᠡᠨᠳᠤ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠡᠷᠡᠬᠦᠯ ᠴᠢᠬᠢᠷᠠᠭ᠂ ᠡᠶ᠎ᠡ ᠵᠤᠬᠢᠴᠠᠯ ᠲᠠᠢ ᠬᠦᠳᠡᠭᠡ | ᠲᠤᠰᠬᠤᠨ ᠤ ᠤᠷᠴᠢᠨ ᠲᠤᠭᠤᠷᠢᠨ ᠢ ᠪᠦᠷᠢᠯᠳᠦᠬᠦᠯᠬᠦ ᠳᠤ ᠬᠦᠴᠦᠨ ᠨᠡᠮᠡᠷᠢᠯᠡᠬᠦ ᠪᠤᠯᠤᠨ᠎ᠠ᠃ ︵ᠰᠡᠷᠬᠦᠯᠡᠩ︶ |