ᠤᠯᠠᠭᠠᠨᠬᠤᠳᠠ ᠲᠦᠬᠦᠭᠡᠷᠦᠮᠵᠢᠳᠤ ᠲᠠᠷᠢᠶᠠᠯᠠᠩ ᠢᠶᠠᠷ ᠠᠷᠠᠳ ᠤᠨ ᠤᠷᠤᠯᠭ᠎ᠠ ᠶᠢ ᠨᠡᠮᠡᠭᠳᠡᠬᠦᠯᠵᠦ ᠪᠤᠢ
ᠨᠡᠶᠢᠲᠡᠯᠡᠭᠰᠡᠨ ᠴᠠᠭ᠄
2025/5/28
        ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠲᠤᠬᠠᠢ ᠶᠢᠨ ᠭᠠᠵᠠᠷ ᠤᠨ ᠪᠤᠳᠠᠳᠤ ᠪᠠᠶᠢᠳᠠᠯ ᠳᠠᠭᠠᠨ ᠳᠤᠬᠢᠷᠠᠭᠤᠯᠤᠨ᠂ ᠭᠦᠯᠡᠮᠵᠢ ᠶᠢᠨ ᠠᠵᠦ ᠠᠬᠤᠢ ᠶᠢ ᠶᠡᠬᠡᠪᠡᠷ ᠬᠦᠭᠵᠢᠬᠦᠯᠵᠦ᠂ ᠬᠤᠳᠠ ᠶᠢᠨ ᠠᠷᠠᠳ ᠤᠨ ᠢᠳᠡᠰᠢᠨ ᠨᠤᠭᠤᠭ᠎ᠠ ᠵᠢᠮᠢᠰ ᠢᠳᠡᠬᠦ ᠱᠠᠭᠠᠷᠳᠠᠯᠭ᠎ᠠ ᠶᠢ ᠬᠠᠨᠭ᠍ᠭᠠᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠦᠭᠰᠡᠨ ᠢᠶᠠᠷ ᠪᠠᠷᠠᠬᠤ ᠦᠬᠡᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠪᠠᠳᠦ ᠴᠢᠩᠭ᠎ᠠ ᠬᠦᠳᠡᠯᠭᠡᠭᠴᠢ ᠬᠦᠴᠦᠨ ᠤᠯᠭᠤᠵᠠᠢ᠃        ᠤᠯᠠᠭᠠᠨᠬᠤᠳᠠ ᠶᠢᠨ ᠢᠯᠡᠯᠳᠡ ᠪᠠᠯᠭᠠᠰᠦ ᠶᠢᠨ ᠢᠯᠡᠯᠳᠡ ᠭᠠᠴᠠᠭᠠᠨ ᠤ ᠲᠦᠬᠦᠭᠡᠷᠦᠮᠵᠢᠳᠤ ᠲᠠᠷᠢᠶᠠᠯᠠᠩ ᠤᠨ ᠬᠦᠷᠢᠶᠡᠯᠡᠩ ᠤᠨ ᠨᠤᠭᠤᠭ᠎ᠠ ᠵᠢᠮᠢᠰ ᠲᠡᠭᠦᠬᠦ ᠬᠦᠷᠢᠶᠡᠯᠡᠩ ᠳᠤ ᠬᠦᠷᠬᠦ ᠳᠤ᠂ ᠲᠤᠭᠤᠷ᠂ ᠠᠮᠳᠠᠳᠤ ᠬᠡᠮᠬᠡ ᠶᠢᠨ ᠠᠩᠬᠢᠯᠦᠮ᠎ᠠ ᠦᠨᠦᠷ ᠬᠠᠨᠭ᠍ᠬᠤᠯᠵᠦ ᠪᠠᠶᠢᠯ᠎ᠠ᠃ ᠨᠤᠭᠤᠭ᠎ᠠ ᠵᠢᠮᠢᠰ ᠲᠡᠬᠦᠬᠦ ᠬᠦᠷᠢᠶᠡᠯᠡᠩ ᠤᠨ ᠬᠠᠷᠢᠭᠤᠴᠠᠯᠭᠠᠳᠠᠨ ᠬᠠᠨ ᠱᠦ ᡁᠢ᠄ ︽ᠮᠠᠨ ᠤ ᠬᠡᠷ 8 ᠲᠤᠮᠤ ᠭᠦᠯᠡᠮᠵᠢ ᠡᠵᠡᠩᠨᠡᠵᠦ᠂ ᠭᠤᠤᠯᠳᠠᠭᠤ ᠲᠤᠭᠤᠷ ᠪᠠ ᠠᠮᠳᠠᠳᠤ ᠬᠡᠮᠬᠡ ᠲᠠᠷᠢᠵᠦ᠂ ᠵᠢᠯ ᠤᠨ ᠤᠷᠤᠯᠭ᠎ᠠ 20 ᠲᠦᠮᠡᠨ ᠲᠦᠬᠦᠷᠢᠭ ᠬᠦᠷᠴᠦ ᠪᠠᠶᠢᠨ᠎ᠠ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠤᠯᠠᠭᠠᠨᠬᠤᠳᠠ ᠶᠢᠨ ᠬᠡᠬᠡᠨᠰᠦ᠋ᠮ᠎ᠡ ᠪᠠᠯᠭᠠᠰᠦ ᠶᠢᠨ ᠬᠠᠳᠠᠨ ᠠᠷᠦ ᠭᠠᠴᠠᠭᠠᠨ ᠤ ᠲᠠᠷᠢᠵᠦ ᠤᠷᠭᠤᠭᠤᠯᠬᠤ ᠡᠷᠦᠬᠡ ᠵᠦᠩ ᠱᠦ ᠰᠢᠶᠠ ᠲᠦᠪᠡᠳ ᠬᠠᠰᠢ ᠶᠢᠨ ᠢᠶᠠᠨ ᠤᠷᠭᠤᠯᠳᠠ ᠶᠢᠨ ᠪᠠᠶᠢᠳᠠᠯ ᠢ ᠪᠠᠶᠢᠴᠠᠭᠠᠵᠦ ᠪᠠᠶᠢᠪᠠ᠃ ᠵᠦᠩ ᠱᠦ ᠰᠢᠶᠠ᠄ ︽ᠤᠤᠯ ᠳᠠᠭᠠᠨ ᠭᠠᠳᠠᠨ᠎ᠠ ᠬᠠᠰᠢᠶᠠᠨ ᠳᠠᠭᠠᠨ ᠢᠳᠡᠰᠢᠨ ᠨᠤᠭᠤᠭ᠎ᠠ ᠲᠠᠷᠢᠭᠠᠳ ᠬᠤᠷᠢᠶᠠᠯᠳᠠ ᠮᠠᠭᠤ ᠪᠠᠶᠢᠵᠠᠢ᠃ ᠤᠳᠤ ᠭᠦᠯᠡᠮᠵᠢ ᠳᠤ ᠵᠢᠯ ᠤᠨ ᠲᠦᠷᠪᠡᠨ ᠤᠯᠠᠷᠢᠯ ᠢᠳᠡᠰᠢᠨ ᠨᠤᠭᠤᠭ᠎ᠠ ᠲᠠᠷᠢᠵᠦ ᠪᠤᠯᠬᠤ ᠪᠦᠭᠡᠳ ᠤᠨᠠᠯᠳᠠ ᠰᠠᠶᠢᠨ᠂ ᠤᠷᠤᠯᠭ᠎ᠠ ᠪᠠᠰᠠ ᠪᠠᠳᠦᠯᠠᠭ᠎ᠠ ᠲᠠᠢ ᠶᠤᠮ᠃ ᠵᠢᠯ ᠪᠦᠷᠢ ᠭᠦᠯᠡᠮᠵᠢ ᠳᠤ ᠢᠳᠡᠰᠢᠨ ᠨᠤᠭᠤᠭ᠎ᠠ ᠲᠠᠷᠢᠭᠠᠳ 7 ᠲᠦᠮᠡᠨ ᠲᠦᠬᠦᠷᠢᠭ ᠤᠨ ᠤᠷᠤᠯᠭ᠎ᠠ ᠤᠯᠴᠢᠬᠠᠨ᠎ᠠ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠤᠯᠠᠭᠠᠨᠬᠤᠳᠠ ᠳᠤ ᠭᠦᠯᠡᠮᠵᠢ ᠳᠤ ᠨᠤᠭᠤᠭ᠎ᠠ ᠵᠢᠮᠢᠰ ᠲᠠᠷᠢᠬᠤ ᠨᠢ ᠨᠢᠬᠡᠨᠳᠡ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠴᠢᠬᠤᠯᠠ ᠠᠵᠦ ᠦᠢᠯᠡᠰ ᠪᠤᠯᠵᠠᠢ᠃ ᠲᠠᠷᠢᠶᠠᠯᠠᠩ ᠤᠨ ᠮᠡᠷᠬᠡᠵᠢᠯᠳᠡᠨ ᠲᠤᠬᠳᠠᠬᠰᠠᠨ ᠬᠤᠭᠤᠴᠠᠭ᠎ᠠ ᠲᠠᠢ ᠪᠠᠷ ᠭᠦᠯᠡᠮᠵᠢ ᠳᠤ ᠬᠦᠷᠴᠦ ᠨᠤᠭᠤᠭ᠎ᠠ ᠵᠢᠮᠢᠰ ᠤᠨ ᠤᠷᠭᠤᠯᠳᠠ ᠶᠢᠨ ᠪᠠᠶᠢᠳᠠᠯ ᠢ ᠪᠠᠶᠢᠴᠠᠭᠠᠳᠠᠭ ᠪᠦᠭᠡᠳ ᠲᠠᠷᠢᠶᠠᠴᠢᠨ ᠡᠷᠦᠬᠡ ᠳᠤ ᠤᠬᠠᠭᠤᠯᠭ᠎ᠠ ᠶᠢᠨ ᠬᠠᠭᠤᠳᠠᠰᠦ ᠲᠠᠷᠬᠠᠭᠠᠵᠦ᠂ ᠤᠯᠠᠨ ᠢ ᠪᠤᠬᠢᠷᠳᠦᠯ ᠦᠬᠡᠢ ᠲᠠᠷᠢᠵᠦ ᠤᠷᠭᠤᠭᠤᠯᠬᠤ ᠶᠢ ᠬᠦᠳᠦᠯᠦᠨ ᠵᠢᠯᠤᠭᠤᠳᠴᠦ ᠪᠠᠶᠢᠳᠠᠭ᠃ ᠪᠠᠰᠠ ᠲᠤᠰᠬᠠᠢ ᠬᠦᠮᠦᠨ ᠲᠡᠳᠡᠨ ᠤ ᠬᠤᠳᠠᠯᠳᠤᠬᠤ ᠬᠡᠵᠦ ᠪᠠᠶᠢᠭ᠎ᠠ ᠵᠢᠮᠢᠰ ᠨᠤᠭᠤᠭ᠎ᠠ ᠶᠢ ᠰᠤᠭᠤᠴᠢᠨ ᠪᠠᠶᠢᠴᠠᠭᠠᠵᠦ᠂ ᠵᠢᠮᠢᠰ ᠨᠤᠭᠤᠭ᠎ᠠ ᠲᠡᠭᠡᠷ᠎ᠡ ᠲᠠᠷᠢᠶᠠᠨ ᠡᠮ ᠦᠯᠡᠳᠡᠵᠦ ᠪᠠᠶᠢᠭ᠎ᠠ ᠪᠠᠶᠢᠳᠠᠯ ᠢ ᠤᠨᠤᠴᠠᠳᠠᠢ ᠡᠵᠡᠮᠳᠡᠵᠦ᠂ ᠰᠢᠨ᠎ᠠ ᠰᠤᠷᠭᠤᠭ ᠪᠦᠬᠡᠳ ᠰᠢᠯᠢᠳᠡᠭ ᠨᠤᠭᠤᠭ᠎ᠠ ᠵᠢᠮᠢᠰ ᠢ ᠤᠯᠠᠨ ᠲᠦᠮᠡᠨ ᠤ ᠲᠡᠷᠬᠡᠳᠡ ᠬᠦᠷᠬᠡᠵᠦ ᠪᠤᠢ᠃        ᠤᠳᠤ ᠤᠯᠠᠭᠠᠨᠬᠤᠳᠠ ᠳᠤ ᠡᠯ᠎ᠡ ᠲᠦᠷᠦᠯ ᠤᠨ ᠭᠦᠯᠡᠮᠵᠢ ᠨᠡᠶᠢᠳᠡ 2898 ᠪᠠᠶᠢᠵᠦ᠂ 7274.4 ᠮᠤ᠋ ᠲᠠᠯᠠᠪᠠᠢ ᠶᠢ ᠡᠵᠡᠯᠡᠵᠦ᠂ 5 ᠪᠠᠯᠭᠠᠰᠦ ᠶᠢᠨ 24 ᠬᠦᠷᠢᠶᠡᠯᠡᠩ ᠳᠤ ᠲᠠᠷᠬᠠᠵᠦ ᠪᠠᠶᠢᠳᠠᠭ᠃ ︵ᠵᠶᠢ ᠶᠠᠨ ᠯᠢ ᠵᠤᠤ ᠯᠢ ᠯᠢ ᠵᠠᠩ ᠳ᠋ᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号