| ᠤᠶᠢᠷ᠎ᠠ ᠳᠤ᠂ ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ ︽ᠪᠦᠬᠦ | ᠤᠷᠤᠨ ᠤ ᠠᠷᠪᠠᠳᠤᠭᠠᠷ ᠪᠦᠯᠦᠭ ᠠᠵᠢᠯ ᠤᠨ ᠪᠠᠶᠢᠷᠢ ᠳᠠᠭᠠᠨ ᠯᠸᠢ ᠹᠧᠩ ᠠᠴᠠ ᠰᠤᠷᠤᠯᠴᠠᠬᠤ ᠵᠢᠱᠢᠶᠡᠴᠢ ᠬᠠᠮᠳᠤ | ᠨᠡᠶᠢᠳᠡ︾ ᠶᠢᠨ ᠢᠷᠠᠭᠤ ᠠᠯᠳᠠᠷ ᠢ ᠬᠦᠷᠳᠡᠵᠡᠢ᠃ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ 2033 | ᠤᠨ ᠳᠤ ᠪᠠᠶᠢᠭᠤᠯᠤᠬᠳᠠᠬᠰᠠᠨ ᠠᠴᠠ ᠨᠠᠭᠠᠰᠢ᠂ 18 ᠪᠠᠭ᠎ᠠ ᠲᠤᠭᠤᠷᠢᠭ ᠤᠨ 4100 ᠰᠠᠭᠤᠭᠠᠯᠢ ᠠᠷᠠᠳ ᠢᠶᠠᠨ | ᠰᠠᠬᠢᠨ ᠪᠠᠷᠠᠯᠠᠭᠰᠠᠨ ᠦᠨᠳᠦᠰᠦᠨ ᠱᠠᠳᠦᠨ ᠤ ᠵᠤᠬᠢᠶᠠᠨ ᠪᠠᠶᠢᠭᠤᠯᠤᠯᠳᠠ ᠪᠤᠯᠤᠬᠰᠠᠨ ᠤ ᠬᠤᠪᠢ ᠳᠤ᠂ ︽ᠰᠠᠶᠢᠨ | ᠲᠤᠷ᠎ᠠ ᠶᠢᠨ ᠦᠢᠯᠡᠴᠢᠯᠡᠭᠡ +︾ ᠵᠠᠬᠪᠦᠷ ᠤᠨ ᠰᠢᠨ᠎ᠡ ᠶᠢ ᠡᠬᠦᠳᠴᠦ᠂ ᠯᠸᠢ ᠹᠧᠩ ᠤᠨ ᠵᠤᠷᠢᠭ ᠰᠠᠨᠠᠭ᠎ᠠ ᠶᠢ ᠨᠡᠶᠢᠬᠡᠮ | ᠲᠤᠭᠤᠷᠢᠭ ᠤᠨ ᠵᠠᠰᠠᠯᠳᠠ ᠶᠢᠨ ᠦᠨᠴᠦᠭ ᠪᠤᠯᠤᠩ ᠬᠦᠷᠳᠡᠯ᠎ᠡ ᠠᠭᠤᠰᠤᠯᠴᠠᠭᠤᠯᠵᠦ᠂ ᠰᠢᠨ᠎ᠠ ᠴᠠᠭ ᠦᠶ᠎ᠡ ᠶᠢᠨ | ᠦᠨᠳᠦᠰᠦᠨ ᠱᠠᠳᠦᠨ ᠤ ᠦᠢᠯᠡᠴᠢᠯᠡᠭᠡ ᠶᠢᠨ ᠰᠡᠳᠬᠢᠯ ᠬᠦᠳᠡᠯᠬᠡᠮ᠎ᠡ ᠬᠠᠭᠤᠳᠠᠰᠦ ᠶᠢ ᠪᠢᠴᠢᠭᠯᠡᠵᠡᠢ᠃ | ᠦᠳᠡ ᠶᠢᠨ ᠦᠶ᠎ᠡ ᠪᠠᠷ᠂ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ ᠤᠨ ᠨᠠᠰᠦᠳᠠᠨ ᠢ | ᠬᠠᠯᠠᠮᠵᠢᠯᠠᠬᠤ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠳ ᠶᠠᠭᠠᠷᠠᠯᠳᠠᠢ ᠠᠵᠢᠯᠯᠠᠵᠦ ᠡᠬᠢᠯᠡᠪᠡ᠃ | ᠲᠡᠳᠡ ᠰᠢᠮ᠎ᠠ ᠲᠡᠵᠢᠬᠡᠯ ᠰᠠᠶᠢᠳᠠᠢ ᠬᠤᠭᠤᠯᠠ ᠪᠤᠳᠠᠭ᠎ᠠ ᠪᠡᠯᠡᠳᠬᠡᠨ᠂ ᠭᠤᠤᠨᠢ ᠨᠠᠰᠦᠳᠠᠨ ᠤ ᠬᠡᠷ ᠲᠤᠨᠢ ᠠᠮᠳᠠᠳᠤ | ᠬᠤᠭᠤᠯᠠ ᠬᠦᠷᠬᠡᠵᠦ ᠦᠭᠴᠦ ᠪᠠᠶᠢᠯ᠎ᠠ᠃ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠳ ᠬᠤᠭᠤᠯᠠ | ᠬᠦᠷᠬᠡᠬᠦ ᠶᠠᠪᠤᠴᠠ ᠳᠤ ᠨᠠᠰᠦᠳᠠᠳ ᠲᠠᠢ ᠵᠤᠭᠤᠬᠳᠠᠵᠦ᠂ ᠲᠡᠳᠡᠨ ᠳᠤ ᠬᠠᠶᠢᠷ᠎ᠠ ᠬᠠᠯᠠᠮᠵᠢ ᠬᠦᠷᠳᠡᠭᠡᠵᠦ ᠪᠠᠶᠢᠳᠠᠭ᠃ | ᠱᠧᠩ ᠢᠤᠢ ᠬᠤᠸᠠᠨ ᠪᠤᠯ ᠳ᠋ᠦᠩ ᠹᠠᠩ ᠨᠡᠶᠢᠬᠡᠮ ᠲᠤᠭᠤᠷᠢᠭ ᠤᠨ ᠨᠢᠬᠡᠨ ᠡᠬᠡᠯ ᠵᠢᠷ ᠤᠨ ᠨᠠᠰᠤᠳᠠᠨ | ᠪᠤᠯᠤᠨ᠎ᠠ᠃ ᠲᠡᠷᠡᠪᠡᠷ᠂ ︽ᠰᠠᠶᠢᠨ ᠲᠤᠷᠠᠴᠤᠤᠯ ᠦᠨ᠎ᠡ ᠲᠦᠯᠦᠪᠦᠷᠢ ᠦᠬᠡᠢ ᠪᠠᠷ ᠨᠠᠳᠠ ᠳᠤ ᠬᠤᠭᠤᠯᠠ ᠬᠦᠷᠭᠡᠵᠦ | ᠪᠠᠶᠢᠬᠤ ᠪᠦᠭᠡᠳ ᠪᠠᠰᠠ ᠨᠠᠮ᠎ᠠ ᠶᠢ ᠲᠦᠢᠯ ᠢᠶᠠᠷ ᠬᠠᠯᠠᠮᠵᠢᠯᠠᠳᠠᠭ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ ᠶᠢᠨ ᠬᠡᠰᠢᠬᠦᠨ ᠲᠢᠶᠠᠨ ᠭᠥᠸᠧ ᠼᠠᠢ᠄ ︽ᠪᠢ ᠦᠪᠡᠷ ᠤᠨ | ᠪᠤᠳᠠᠳᠤ ᠦᠢᠯᠡ ᠠᠵᠢᠯᠯᠠᠭ᠎ᠠ ᠪᠠᠷ ᠢᠶᠠᠨ ᠨᠠᠰᠦᠳᠠᠶᠢᠴᠤᠳ ᠤᠨ ᠰᠡᠳᠬᠢᠯ ᠢ ᠲᠤᠯᠠᠭᠠᠴᠠᠭᠤᠯᠵᠦ᠂ ᠯᠸᠢ ᠹᠧᠩ ᠤᠨ | ᠵᠤᠷᠢᠭ ᠰᠠᠨᠠᠭ᠎ᠠ ᠶᠢ ᠨᠡᠶᠢᠬᠡᠮ ᠲᠤᠭᠤᠷᠢᠭ ᠲᠤ ᠦᠷᠬᠦᠯᠵᠢᠯᠡᠨ ᠤᠯᠠᠮᠵᠢᠯᠠᠨ᠎ᠠ︾ ᠬᠡᠵᠦ ᠶᠠᠷᠢᠵᠦ ᠪᠠᠶᠢᠯ᠎ᠠ᠃ | ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ ᠲᠤ᠂ ᠭᠠᠷ ᠤᠷᠠᠯᠠᠯ ᠤᠨ | ᠪᠠᠭᠰᠢ ᠠᠴᠠ ᠬᠠᠷᠢᠶᠠᠳᠤ ᠤᠷᠤᠨ ᠤ ᠰᠠᠭᠤᠭᠠᠯᠢ ᠠᠷᠠᠳ ᠲᠤ ᠨᠤᠤᠰᠤ ᠪᠠᠷ ᠪᠦᠳᠦᠭᠡᠭᠳᠡᠬᠦᠨ ᠬᠢᠬᠦ ᠮᠡᠷᠬᠡᠵᠢᠯ ᠵᠢᠭᠠᠵᠦ | ᠦᠭᠴᠦ ᠪᠠᠶᠢᠯ᠎ᠠ᠃ ᠲᠤᠰ ᠨᠡᠶᠢᠬᠡᠮ ᠲᠤᠭᠤᠷᠢᠭ ᠨᠢ ᠲᠤᠬᠳᠠᠬᠰᠠᠨ ᠬᠤᠭᠤᠴᠠᠭ᠎ᠠ ᠲᠠᠢ ᠪᠠᠷ ᠭᠠᠷ ᠤᠷᠠᠯᠠᠯ᠂ ᠤᠷᠠᠨ | ᠵᠢᠷᠤᠭ᠂ ᠲᠡᠪᠢᠬᠦᠷ ᠵᠤᠬᠢᠶᠠᠬᠤ ᠵᠡᠷᠬᠡ ᠬᠢᠴᠢᠶᠡᠯ ᠨᠡᠬᠡᠬᠡᠵᠦ᠂ ᠰᠤᠶᠤᠯ ᠢᠶᠠᠷ ᠤᠯᠠᠨ ᠲᠦᠮᠡᠨ ᠳᠤ ᠠᠰᠢᠭ ᠬᠦᠷᠳᠡᠬᠡᠬᠦ | ᠰᠠᠶᠢᠨ ᠲᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠦᠷᠨᠢᠬᠦᠯᠵᠦ᠂ ᠰᠠᠭᠤᠭᠠᠯᠢ ᠠᠷᠠᠳ ᠤᠨ ᠰᠤᠶᠤᠯ ᠤᠨ | ᠠᠮᠢᠳᠦᠷᠠᠯ ᠢ ᠪᠠᠶᠠᠯᠢᠬᠵᠢᠭᠤᠯᠵᠦ ᠪᠠᠶᠢᠳᠠᠭ᠃ | ᠤᠯᠠᠨ ᠵᠢᠯ ᠤᠨ ᠲᠤᠷᠰᠢ᠂ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ ᠤᠨ ᠨᠠᠮ ᠤᠨ | ᠵᠤᠬᠢᠶᠠᠨ ᠪᠠᠶᠢᠭᠤᠯᠤᠯᠳᠠ ᠡᠬᠢ ᠪᠠᠶᠠᠯᠢᠭ ᠢᠶᠠᠨ ᠨᠡᠶᠢᠳᠬᠡᠵᠦ᠂ 6 ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠬᠢ | ᠪᠠᠶᠢᠭᠤᠯᠵᠦ᠂ ᠤᠯᠠᠨ ᠬᠡᠯᠪᠡᠷᠢ ᠶᠢᠨ ᠤᠯᠠᠨ ᠲᠦᠮᠡᠨ ᠳᠤ ᠠᠰᠢᠭ ᠬᠦᠷᠳᠡᠬᠡᠬᠦ ᠠᠵᠢᠯᠯᠠᠭ᠎ᠠ ᠦᠷᠨᠢᠬᠦᠯᠵᠦ ᠪᠠᠶᠢᠳᠠᠭ᠃ | ᠡᠬᠦᠨ ᠳᠤ᠂ ︽ᠠᠨᠠᠷ ᠤᠨ ᠦᠷ᠎ᠡ ᠠᠶᠢᠯ ᠰᠠᠭᠠᠬᠠᠯᠳᠠ ᠶᠢᠨ ᠰᠤᠶᠤᠯ ᠤᠨ ᠴᠤᠬᠯᠠᠭᠠᠨ︾᠂ ᠭᠠᠷ ᠤᠷᠠᠯᠠᠯ | ᠬᠦᠷᠦᠮᠡᠯ ᠤᠨ ᠪᠤᠯᠪᠠᠰᠤᠷᠠᠯ ᠦᠷᠨᠢᠬᠦᠯᠬᠦ ᠵᠡᠷᠭᠡ ᠠᠵᠢᠯᠯᠠᠭ᠎ᠠ ᠶᠢ 150 ᠭᠠᠷᠦᠢ ᠲᠠᠯᠠᠪᠦᠷ ᠦᠷᠨᠢᠬᠦᠯᠵᠦ᠂ | ᠤᠯᠠᠮᠵᠢᠯᠠᠯᠳᠤ ᠰᠤᠶᠤᠯ ᠢ ᠨᠡᠶᠢᠬᠡᠮ ᠲᠤᠭᠤᠷᠢᠭ ᠲᠤ ᠠᠮᠢᠵᠢᠷᠠᠯ ᠤᠨ ᠬᠦᠴᠦᠨ ᠲᠠᠢ ᠪᠤᠯᠭᠠᠵᠠᠢ᠃ ᠨᠠᠰᠦᠳᠠᠨ ᠬᠡᠤᠬᠡᠳ | ᠵᠡᠷᠭᠡ ᠭᠤᠤᠯᠳᠠᠯᠭ᠎ᠠ ᠲᠠᠢ ᠬᠦᠮᠦᠰ ᠲᠤ ᠬᠠᠶᠢᠷ᠎ᠠ ᠬᠠᠯᠠᠮᠵᠢ ᠬᠦᠷᠬᠡᠬᠦ ᠠᠵᠢᠯᠯᠠᠭ᠎ᠠ ᠶᠢ 130 ᠭᠠᠷᠦᠢ ᠤᠳᠠᠭ᠎ᠠ | ᠦᠷᠨᠢᠬᠦᠯᠵᠦ᠂ ᠲᠡᠳᠡᠨ ᠤ ᠰᠡᠳᠬᠢᠯ ᠢ ᠲᠤᠯᠠᠭᠠᠴᠠᠭᠤᠯᠵᠠᠢ᠃ ᠨᠡᠶᠢᠬᠡᠮ ᠲᠤᠭᠤᠷᠢᠭ ᠤᠨ ︽ᠵᠤᠯ ᠵᠢᠷᠭᠠᠯᠳᠤ | ᠬᠤᠭᠤᠯᠠᠨ ᠲᠠᠩᠬᠢᠮ︾ ᠭᠤᠷᠪᠠᠨ ᠵᠢᠯ ᠤᠨ ᠲᠤᠷᠰᠢ 30 ᠲᠦᠮᠡᠨ ᠨᠠᠰᠦᠳᠠᠶᠢᠴᠤᠳ ᠲᠤ ᠦᠨ᠎ᠡ ᠲᠦᠯᠦᠪᠦᠷᠢ | ᠦᠬᠡᠢ ᠪᠠᠷ ᠬᠤᠭᠤᠯᠠ ᠪᠤᠳᠠᠭ᠎ᠠ ᠬᠠᠨᠭ᠍ᠭᠠᠵᠠᠢ᠃ ᠡᠬᠦᠨ ᠤ ᠬᠠᠮᠳᠤ᠂ ᠠᠯᠪᠠᠨ ᠵᠢᠷᠦᠮ ᠤᠨ ᠡᠮᠴᠢᠯᠡᠭᠡ᠂ ᠰᠤᠷᠭᠠᠨ | ᠬᠦᠮᠦᠵᠢᠯ ᠵᠢᠴᠢ ᠨᠠᠶᠢᠳᠠᠨ ᠬᠠᠮᠢᠶᠠᠷᠤᠭᠤᠯᠬᠤ ᠬᠢᠴᠢᠶᠡᠯ ᠤᠨ ᠲᠠᠩᠬᠢᠮ ᠵᠡᠷᠭᠡ ᠤᠯᠠᠨ ᠲᠦᠷᠦᠯ ᠤᠨ ᠦᠢᠯᠡᠴᠢᠯᠡᠭᠡ | ᠬᠠᠨᠭ᠍ᠭᠠᠵᠦ᠂ ᠤᠯᠠᠨ ᠲᠦᠮᠡᠨ ᠳᠤ ᠦᠨᠡᠨᠬᠦ ᠠᠰᠢᠭ ᠬᠦᠷᠳᠡᠭᠡᠭᠰᠡᠨ ᠪᠠᠶᠢᠨ᠎ᠠ᠃ | ᠡᠬᠦᠨ ᠠᠴᠠ ᠭᠠᠳᠠᠨ᠎ᠠ᠂ ᠳ᠋ᠦᠩ ᠹᠠᠩ ᠨᠡᠶᠢᠬᠡᠮ ᠲᠤᠭᠤᠷᠢᠭ ᠪᠠᠰᠠ ︽ᠰᠠᠶᠢᠨ ᠲᠤᠷ᠎ᠠ ᠶᠢᠨ ᠦᠢᠯᠡᠴᠢᠯᠡᠭᠡ | + ᠨᠡᠶᠢᠬᠡᠮ ᠤᠨ ᠵᠠᠰᠠᠯᠳᠠ︾ ᠶᠢᠨ ᠰᠢᠨ᠎ᠠ ᠠᠷᠭ᠎ᠠ ᠵᠠᠮ ᠢ ᠢᠳᠡᠪᠬᠢᠳᠡᠢ ᠡᠷᠢᠯᠬᠢᠯᠡᠵᠦ᠂ ︽ᠳ᠋ᠦᠩ ᠹᠠᠩ ᠬᠤᠩ︾ | ᠤᠨᠴᠠᠯᠢᠬᠳᠤ ᠨᠡᠶᠢᠬᠡᠮ ᠲᠤᠭᠤᠷᠢᠭ ᠤᠨ ᠨᠡᠷᠡᠳᠤ ᠲᠡᠮᠳᠡᠭ ᠢ ᠪᠤᠢ ᠪᠤᠯᠭᠠᠵᠦ᠂ ᠤᠷᠴᠢᠨ ᠲᠤᠭᠤᠷᠢᠨ ᠢ ᠴᠡᠪᠡᠷᠯᠡᠬᠦ᠂ | ᠬᠠᠪᠰᠦᠷᠦᠨ ᠬᠦᠢᠴᠡᠳᠬᠡᠵᠦ ᠤᠷᠤᠯᠠᠨ ᠬᠦᠢᠴᠡᠳᠭᠡᠬᠦ᠂ ᠤᠨᠤᠯ ᠤᠨ ᠤᠬᠠᠭᠤᠯᠭ᠎ᠠ ᠵᠡᠷᠭᠡ ᠰᠠᠶᠢᠨ ᠲᠤᠷ᠎ᠠ ᠶᠢᠨ | ᠦᠢᠯᠡᠴᠢᠯᠡᠬᠡᠨ ᠤ ᠠᠵᠢᠯᠯᠠᠭ᠎ᠠ ᠶᠢ 273 ᠤᠳᠠᠭ᠎ᠠ ︵ᠲᠠᠯᠠᠪᠤᠷ︶ ᠦᠷᠨᠢᠬᠦᠯᠬᠦ ᠪᠠᠷ ᠲᠠᠮᠵᠢᠭᠤᠯᠵᠦ᠂ ᠯᠸᠢ ᠹᠧᠩ ᠤᠨ | ᠵᠤᠷᠢᠭ ᠰᠠᠨᠠᠭ᠎ᠠ ᠶᠢ ᠨᠡᠶᠢᠬᠡᠮ ᠲᠤᠭᠤᠷᠢᠭ ᠤᠨ ᠵᠠᠰᠠᠯᠳᠠ ᠶᠢᠨ ᠡᠯ᠎ᠡ ᠲᠠᠯ᠎ᠠ ᠳᠤ ᠠᠭᠤᠰᠤᠯᠴᠠᠭᠤᠯᠵᠦ᠂ ᠤᠯᠠᠨ | ᠲᠦᠮᠡᠨ ᠤ ᠵᠤᠯ ᠵᠢᠷᠭᠠᠯᠳᠤ ᠲᠦᠷᠦᠭᠳᠡᠯ ᠢ ᠦᠨᠡᠨᠬᠦ ᠲᠡᠭᠡᠭᠰᠢᠯᠡᠬᠦᠯᠵᠡᠢ᠃ | ᠤᠯᠠᠭᠠᠨᠬᠤᠳᠠ ᠶᠢᠨ ᠱᠸᠡᠭᠯᠢ ᠵᠡᠬᠡᠯᠢ ᠶᠢᠨ ᠳ᠋ᠦᠩ ᠹᠠᠩ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ | ᠡᠬᠦᠷ ᠤᠨ ᠱᠦᠵᠢ ᠯᠢ ᠶᠢᠨ ᠯᠢᠩ᠄ ︽ᠦᠪᠡᠷᠳᠡᠬᠡᠨ ᠵᠠᠰᠠᠬᠤ ᠤᠷᠤᠨ ᠤ ᠯᠸᠢ ᠹᠧᠩ ᠠᠴᠠ ᠰᠤᠷᠤᠯᠴᠠᠬᠤ ᠵᠢᠱᠢᠶᠡᠴᠢ | ᠬᠠᠮᠳᠤ ᠨᠡᠶᠢᠳᠡ ᠶᠢᠨ ᠢᠷᠠᠭᠤ ᠠᠯᠳᠠᠷ ᠢ ᠬᠦᠷᠳᠡᠭᠡᠳ ᠪᠢᠳᠡ ᠲᠦᠢᠯ ᠢᠶᠠᠷ ᠤᠮᠤᠬᠰᠢᠵᠦ ᠪᠠᠶᠢᠨ᠎ᠠ᠃ ᠡᠨᠡᠬᠦ ᠢᠷᠠᠭᠤ | ᠠᠯᠳᠠᠷ ᠪᠤᠯ ᠳ᠋ᠦᠩ ᠹᠠᠩ ᠨᠡᠶᠢᠬᠡᠮ ᠲᠤᠭᠤᠷᠢᠭ ᠤᠨ ᠪᠦᠬᠦ ᠰᠠᠶᠢᠨ ᠲᠤᠷᠠᠴᠤᠤᠯ ᠤᠨ ᠤᠯᠠᠨ ᠵᠢᠯ ᠤᠨ ᠲᠤᠷᠰᠢ | ᠦᠨᠡᠨᠴᠢ ᠪᠠᠷ ᠠᠵᠢᠯᠯᠠᠵᠦ ᠵᠢᠳᠬᠦᠭᠰᠡᠨ ᠤ ᠬᠢᠨᠢ ᠬᠠᠷᠢᠭᠤ ᠪᠤᠯᠬᠤ ᠪᠦᠭᠡᠳ ᠨᠡᠩ ᠴᠤ ᠪᠢᠳᠡᠨ ᠤ ᠤᠷᠤᠬᠰᠢᠯᠠᠨ | ᠲᠠᠪᠰᠢᠬᠤ ᠬᠦᠳᠡᠯᠭᠡᠭᠴᠢ ᠬᠦᠴᠦᠨ ᠪᠤᠯᠤᠨ᠎ᠠ᠃ ᠪᠢᠳᠡ ᠰᠠᠶᠢᠨ ᠲᠤᠷ᠎ᠠ ᠶᠢᠨ ᠦᠢᠯᠡᠴᠢᠯᠡᠬᠡᠨ ᠤ ᠡᠩᠨᠡᠭᠡ ᠶᠢᠨ | ᠪᠠᠶᠢᠭᠤᠯᠤᠯᠳᠠ ᠪᠠᠨ ᠦᠷᠬᠦᠯᠵᠢᠯᠡᠨ ᠡᠷᠴᠢᠮᠵᠢᠬᠦᠯᠵᠦ᠂ ᠰᠠᠶᠢᠨ ᠲᠤᠷ᠎ᠠ ᠶᠢᠨ ᠦᠢᠯᠡᠴᠢᠯᠡᠭᠡ ᠪᠠᠨ ᠨᠡᠩ ᠤᠯᠠᠨ ᠬᠡᠷ | ᠪᠦᠯᠢ ᠳᠤ ᠬᠦᠷᠬᠡᠵᠦ᠂ ᠰᠠᠭᠤᠭᠠᠯᠢ ᠠᠷᠠᠳ ᠤᠨ ᠵᠤᠯ ᠵᠢᠷᠭᠠᠯᠳᠤ ᠲᠦᠷᠦᠭᠳᠡᠯ ᠢ ᠦᠨᠡᠨᠬᠦ ᠲᠡᠭᠡᠭᠰᠢᠯᠡᠬᠦᠯᠤᠨ᠎ᠠ︾ ᠬᠡᠵᠦ | ᠶᠠᠷᠢᠵᠦ ᠪᠠᠶᠢᠯ᠎ᠠ᠃ ᠭᠥᠸᠧ ᠭᠥᠸᠧ ᠸᠠᠩ ᠰᠢᠤᠸᠠᠢ ᠮᠡᠳᠡᠭᠡᠯᠡᠪᠡ | | | |