| ︽ᠪᠢᠳᠡᠨ ᠤ ᠪᠦᠲᠦᠭᠡᠯ ᠨᠢᠭᠡᠪᠦᠷᠢ ᠨᠢ ᠴᠥᠮ ᠬᠡᠪᠯᠡᠯ ᠤᠨ ᠡᠷᠬᠡ ᠶᠢᠨ ᠬᠠᠮᠠᠭᠠᠯᠠᠯᠲᠠ ᠲᠠᠢ᠂ ᠣᠲᠣ 200 | ᠭᠠᠷᠤᠶ ᠵᠦᠢᠯ ᠤᠨ ᠬᠡᠪᠯᠡᠯ ᠤᠨ ᠡᠷᠬᠡ ᠶᠢᠨ ᠪᠦᠲᠦᠭᠡᠯ ᠪᠠᠶᠢᠵᠤ᠂ ᠪᠢᠳᠡᠨ ᠤ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢᠶᠠᠨ ᠪᠥᠬᠦ ᠤᠯᠤᠰ ᠲᠤ ᠲᠦᠭᠡᠮᠡᠯᠵᠢᠭᠦᠯᠬᠦ ᠳᠤ ᠠᠰᠢᠭᠲᠠᠶ ᠶᠤᠮ︾ ᠭᠡᠵᠦ ᠬᠢᠩᠭᠠᠨ ᠠᠶᠢᠮᠠᠭ ᠤᠨ | ᠠᠳᠢᠶ᠎ᠠ ᠵᠢᠭᠤᠯᠴᠢᠯᠠᠯ ᠤᠨ ᠪᠡᠯᠡᠭ ᠰᠡᠯᠳᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠶᠤᠤ ᠵᠢᠶᠦ᠋ᠨ | ᠲᠠᠨᠢᠯᠴᠠᠭᠤᠯᠤᠨ᠎ᠠ᠃ | ᠲᠤᠰ ᠺᠣᠮᠫᠠᠨᠢ ᠶᠢᠨ ᠤᠬᠠᠭᠤᠯᠭ᠎ᠠ ᠶᠢᠨ ᠦᠵᠡᠭᠦᠯᠭᠡ ᠶᠢᠨ ᠲᠣᠭᠤᠷᠢᠭ ᠲᠤ ᠵᠢᠭᠤᠯᠴᠢᠯᠠᠭᠴᠢᠳ ᠶᠠᠭ | ᠰᠠᠶ᠋ᠢᠬᠠᠨ ᠦᠨᠳᠦᠰᠦᠲᠡᠨ ᠤ ᠣᠨᠴᠠᠯᠢᠭ ᠲᠠᠢ ᠵᠠᠰᠠᠯ ᠴᠢᠮᠡᠭᠯᠡᠯ ᠢ ᠵᠡᠭᠦᠵᠦ᠂ ᠬᠤᠪᠢᠰᠬᠠᠯ ᠤᠨ ᠦᠯᠢᠭᠡᠷ | ᠳᠠᠷᠤᠮᠠᠯᠯᠠᠭᠰᠠᠨ ᠲᠡᠮᠳᠡᠭᠯᠡᠯ ᠤᠨ ᠳᠡᠪᠲᠡᠷ ᠢ ᠤᠷᠪᠠᠭᠤᠯᠤᠨ ᠦᠵᠡᠵᠦ᠂ ᠲᠠᠯ᠎ᠠ ᠨᠤᠲᠤᠭ ᠤᠨ ᠰᠣᠶᠣᠯ ᠤᠨ ᠭᠤᠣᠯ | ᠰᠡᠳᠦᠪᠲᠦ ᠴᠠᠭᠠᠰᠤᠨ ᠰᠡᠶᠢᠯᠦᠮᠡᠯ ᠤᠨ ᠳ᠋ᠧᠩ ᠢ ᠰᠣᠨᠢᠷᠬᠠᠨ᠎ᠠ᠃ | ᠤᠯᠠᠭᠠᠨᠬᠤᠲᠠ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠪᠣᠯ ᠳᠠᠷᠤᠶ | ᠬᠤᠲᠠ ᠶᠢᠨ ᠰᠣᠶᠣᠯ ᠤᠨ ᠰᠤᠳᠠᠰᠤ ᠶᠢ ᠰᠠᠬᠢᠨ ᠬᠠᠮᠠᠭᠠᠯᠠᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ | ᠪᠠᠷᠢᠮᠲᠠᠯᠠᠵᠤ᠂ ︽ᠵᠠᠰᠠᠭ ᠤᠨ ᠣᠷᠳᠣᠨ ᠬᠦᠳᠦᠯᠦᠨ ᠵᠢᠯᠤᠭᠤᠳᠬᠤ + ᠵᠠᠬ᠎ᠠ ᠳᠡᠯᠭᠡᠭᠦᠷ ᠢᠶᠠᠷ ᠬᠦᠳᠡᠯᠭᠡᠬᠦ + ᠪᠥᠬᠦ | ᠠᠷᠠᠳ ᠬᠠᠮᠲᠤ ᠪᠠᠷ ᠡᠭᠦᠳᠦᠨ ᠪᠠᠶᠢᠭᠤᠯᠬᠤ︾ ᠬᠡᠪᠯᠡᠯ ᠤᠨ ᠡᠷᠬᠡ ᠶᠢᠨ ᠠᠮᠢ ᠠᠬᠤᠶ ᠶᠢᠨ ᠰᠢᠰᠲ᠋ᠧᠮ ᠢ ᠪᠠᠶᠢᠭᠤᠯᠵᠤ᠂ | ᠣᠲᠣ ᠨᠢᠭᠡᠨᠲᠡ ᠦᠨᠳᠦᠰᠦᠨ ᠱᠠᠲᠤᠨ ᠤ ᠬᠡᠪᠯᠡᠯ ᠤᠨ ᠡᠷᠬᠡ ᠶᠢᠨ ᠦᠢᠯᠡᠴᠢᠯᠡᠭᠡᠨ ᠤ ᠥᠷᠲᠡᠭᠡ ᠶᠢ 3 ᠪᠠᠶᠢᠭᠤᠯᠵᠤ᠂ | ᠬᠡᠪᠯᠡᠯ ᠤᠨ ᠡᠷᠬᠡ ᠶᠢᠨ ᠳᠡᠩᠰᠡᠯᠡᠯᠲᠡ ᠶᠢᠨ ︽ᠦᠯᠦ ᠭᠦᠶᠦᠯᠭᠡᠬᠦ︾ ᠪᠥᠬᠦ ᠶᠠᠪᠤᠴᠠ ᠶᠢ ᠣᠷᠣᠯᠠᠨ ᠭᠦᠢᠴᠡᠳᠭᠡᠬᠦ | ᠦᠢᠯᠡᠴᠢᠯᠡᠭᠡ ᠶᠢ ᠪᠡᠶᠡᠯᠡᠭᠦᠯᠪᠡ᠃ ᠪᠥᠬᠦ ᠬᠤᠲᠠ ᠶᠢᠨ ᠬᠡᠪᠯᠡᠯ ᠤᠨ ᠡᠷᠬᠡ ᠶᠢᠨ ᠳᠡᠩᠰᠡᠯᠡᠯᠲᠡ ᠶᠢᠨ ᠬᠡᠮᠵᠢᠶ᠎ᠡ | ᠦᠷᠭᠦᠯᠵᠢᠯᠡᠨ ᠳᠡᠭᠡᠭᠰᠢᠯᠡᠵᠦ᠂ ᠳᠠᠭᠤᠤ ᠬᠥᠭᠵᠢᠮ᠂ ᠤᠷᠠᠨ ᠵᠢᠷᠤᠭ᠂ ᠭᠡᠷᠡᠯ ᠵᠢᠷᠤᠭ ᠵᠡᠷᠭᠡ ᠡᠯ᠎ᠡ ᠲᠥᠷᠥᠯ ᠤᠨ | ᠠᠩᠬᠠᠨ ᠤ ᠪᠦᠲᠦᠭᠡᠯᠲᠡ ᠶᠢ ᠴᠥᠮ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠪᠠ᠃ | ᠬᠡᠪᠯᠡᠯ ᠤᠨ ᠡᠷᠬᠡ ᠶᠢ ᠬᠠᠮᠠᠭᠠᠯᠠᠬᠤ ᠤᠬᠠᠮᠰᠠᠷ ᠢ ᠶᠠᠷᠢᠬᠤ ᠳᠤ᠂ ᠤᠯᠠᠭᠠᠨᠬᠤᠲᠠ ᠶᠢᠨ ᠮᠧᠩ ᠴᠢᠤᠸᠠᠢ | ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠵᠧᠦ ᠬᠠᠢ ᠶᠠᠨ᠂ ᠵᠧᠦ ᠬᠠᠢ ᠨᠠᠨ ᠡᠭᠡᠴᠢ ᠥᠬᠢᠨ ᠳᠡᠭᠦᠦ ᠮᠠᠰᠢ | ᠶᠡᠭᠡ ᠣᠯᠤᠯᠲᠠ ᠲᠠᠢ ᠪᠠᠶᠢᠯ᠎ᠠ᠃ ᠬᠤᠷᠰᠢᠶᠠᠨ ᠤ ᠥᠲᠥᠨ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠮᠡᠷᠭᠡᠵᠢᠯ | ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ | ᠵᠢᠭᠰᠠᠭᠠᠭᠳᠠᠪᠠ᠃ ᠬᠤᠷᠰᠢᠶ᠎ᠠ ᠨᠢ ᠥᠳᠥᠨ ᠪᠦᠲᠦᠭᠡᠭᠳᠡᠬᠦᠨ ᠢᠶᠠᠨ ᠡᠮᠬᠢᠯᠡᠵᠦ᠂ ᠤᠯᠠᠭᠠᠨᠬᠤᠲᠠ ᠶᠢᠨ ᠰᠣᠨᠢᠨ ᠮᠡᠳᠡᠭᠡ | ᠬᠡᠪᠯᠡᠯ ᠤᠨ ᠲᠣᠪᠴᠢᠶ᠎ᠠ ᠳᠤ ᠬᠡᠪᠯᠡᠯ ᠤᠨ ᠡᠷᠬᠡ ᠪᠠᠨ ᠳᠠᠩᠰᠠᠯᠠᠭᠤᠯᠬᠤ ᠭᠤᠶᠤᠴᠢᠯᠠᠯ ᠭᠠᠷᠭᠠᠪᠠ᠂ ᠡᠨᠡ ᠨᠢ ᠥᠳᠥᠨ | ᠪᠦᠲᠦᠭᠡᠯ ᠳᠤ ︽ᠡᠷᠦᠬᠡ ᠠᠮᠠ ᠢ ᠳᠡᠪᠲᠡᠷ︾ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠪᠣᠳᠠᠰ ᠤᠨ ᠪᠤᠰᠤ | ᠰᠣᠶᠣᠯ ᠤᠨ ᠥᠪ ᠤᠨ ᠤᠯᠠᠮᠵᠢᠯᠠᠯ᠂ ᠠᠯᠤᠰ ᠬᠡᠲᠦ ᠶᠢᠨ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠭᠰᠠᠨ | ᠪᠠᠶᠢᠨ᠎ᠠ᠃ | ︽ᠬᠡᠪᠯᠡᠯ ᠤᠨ ᠡᠷᠬᠡ ᠶᠢ ᠬᠠᠮᠠᠭᠠᠯᠠᠬᠤ ᠠᠵᠢᠯ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠂ | ᠪᠢᠳᠡ ᠬᠡᠪᠯᠡᠯ ᠤᠨ ᠡᠷᠬᠡ ᠶᠢᠨ ᠴᠢᠳᠠᠪᠤᠷᠢ ᠣᠯᠭᠤᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠩ ᠣᠯᠠᠨ | ᠬᠡᠪᠯᠡᠯ ᠤᠨ ᠡᠷᠬᠡ ᠶᠢᠨ ᠪᠦᠲᠦᠭᠡᠯ ᠢ ᠤᠨᠴᠠᠯᠢᠬᠳᠤ ᠠᠵᠤ ᠦᠢᠯᠡᠰ ᠪᠣᠯᠭᠠᠨ ᠬᠤᠪᠢᠷᠠᠭᠤᠯᠬᠤ ᠶᠢ ᠠᠬᠢᠭᠤᠯᠵᠤ᠂ | ᠰᠣᠶᠣᠯ ᠤᠨ ᠥᠪ ᠢ ᠠᠮᠢᠳᠤᠷᠠᠯ ᠤᠨ ᠳᠤᠮᠳᠠ ᠰᠢᠨ᠎ᠡ ᠭᠡᠷᠡᠯ ᠭᠢᠯᠪᠠᠭ᠎ᠠ ᠰᠠᠴᠤᠷᠠᠭᠤᠯᠤᠨ᠎ᠠ︾ ᠭᠡᠵᠦ | ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠽᠢ ᠼᠦᠩ ᠬᠡᠯᠡᠪᠡ᠃ | |