| ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠤᠯᠠᠭᠠᠨᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠠᠷᠠᠳ ᠤᠨ ᠡᠵᠡᠩᠨᠡᠯᠲᠡ ᠶᠢᠨ | ᠠᠵᠤ ᠠᠬᠤᠶ ᠶᠢᠨ ᠲᠥᠯᠥᠭᠡᠯᠡᠭᠴᠢ ᠶᠢᠨ ᠠᠵᠤ ᠠᠬᠤᠶ ᠶᠢᠨ ᠪᠠᠶᠢᠳᠠᠯ ᠤᠨ ᠬᠥᠮᠦᠵᠢᠯ ᠤᠨ ᠪᠣᠯᠪᠠᠰᠤᠷᠠᠯ ᠤᠨ ᠠᠩᠭᠢ | ᠡᠷᠭᠢᠯᠡᠵᠦ᠂ ᠪᠥᠬᠦ ᠬᠤᠲᠠ ᠶᠢᠨ 50 ᠭᠠᠷᠤᠶ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠲᠥᠯᠥᠭᠡᠯᠡᠭᠴᠢ | ᠪᠣᠯᠪᠠᠰᠤᠷᠠᠯ ᠳᠤ ᠣᠷᠣᠯᠴᠠᠪᠠ᠃ | ᠪᠣᠯᠪᠠᠰᠤᠷᠠᠯ ᠤᠨ ᠬᠤᠷᠠᠯ ᠤᠨ ᠲᠤᠬᠠᠶ ᠶᠢᠨ ᠲᠠᠯᠠᠪᠠᠶ ᠳᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ | ᠨᠠᠮ ᠤᠨ ᠰᠤᠷᠭᠠᠭᠤᠯᠢ ᠶᠢᠨ ᠪᠠᠭᠰᠢ ᠨᠠᠷ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠨᠡᠶᠢᠲᠡᠯᠢᠭ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ | ᠨᠠᠶᠢᠳᠠᠪᠤᠷᠢᠵᠢᠭᠤᠯᠵᠤ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠥᠬᠡᠶ ᠠᠬᠢᠭᠤᠯᠬᠤ︾᠂ ︽︿ᠮᠣᠩᠭᠤᠯ | ᠮᠣᠷᠢᠨ ᠤ ᠵᠣᠷᠢᠭ ᠰᠠᠨᠠᠭ᠎ᠠ﹀ ᠪᠠ ︿ ᠤᠮᠠᠷᠠᠲᠤ ᠶᠢᠨ ᠭᠤᠷᠪᠠᠨ ᠣᠷᠤᠨ ᠤ ᠵᠣᠷᠢᠭ ᠰᠠᠨᠠᠭ᠎ᠠ﹀ ᠶᠢ ᠪᠠᠳᠠᠷᠠᠭᠤᠯᠵᠤ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠰᠢᠨ᠎ᠡ | ᠵᠠᠮ ᠢᠶᠠᠷ ᠵᠠᠮᠨᠠᠬᠤ︾ ᠵᠡᠷᠭᠡ ᠭᠤᠤᠯ ᠰᠡᠳᠦᠪ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ ᠠᠭᠤᠯᠤᠭᠳᠠᠬᠤᠨ | ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠵᠦ᠂ ᠠᠵᠢᠯ ᠲᠥᠷᠥᠯ ᠤᠨ ᠬᠠᠨᠳᠤᠰᠢ ᠪᠠ ᠠᠵᠠ | ᠲᠣᠬᠢᠶᠠᠯ ᠢ ᠰᠢᠰᠲ᠋ᠧᠮ ᠲᠠᠢ ᠵᠠᠳᠠᠯᠤᠨ ᠰᠢᠨᠵᠢᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨ ᠬᠦ | ᠳᠡᠭᠡᠭᠰᠢᠯᠡᠭᠦᠯᠪᠡ᠃ | ︽ᠡᠨᠡ ᠤᠳᠠᠭᠠᠨ ᠤ ᠠᠵᠤ ᠠᠬᠤᠢ ᠶᠢᠨ ᠪᠠᠶᠢᠳᠠᠯ ᠤᠨ ᠬᠥᠮᠦᠵᠢᠯ ᠪᠣᠯᠪᠠᠰᠤᠷᠠᠯ ᠳᠤ ᠣᠷᠣᠯᠴᠠᠭᠠᠳ ᠮᠠᠰᠢ | ᠶᠡᠭᠡ ᠣᠯᠤᠯᠲᠠ ᠲᠠᠢ ᠪᠣᠯᠪᠠ᠃ ᠪᠠᠭᠰᠢ ᠨᠠᠷ ᠠᠴᠠ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠬᠢᠵᠦ᠂ | ᠪᠢ ᠠᠵᠢᠯ ᠲᠦᠷᠦᠯ ᠤᠨ ᠬᠠᠨᠳᠤᠰᠢ ᠶᠢ ᠨᠡᠩ ᠲᠣᠳᠣᠷᠬᠠᠢ ᠡᠵᠡᠮᠳᠡᠵᠦ᠂ ᠡᠵᠡᠩᠨᠡᠯᠲᠡ ᠶᠢᠨ ᠰᠡᠳᠬᠢᠴᠡ ᠪᠠᠨ | ᠥᠷᠭᠡᠳᠬᠡᠵᠦ᠂ ᠤᠯᠤᠰ ᠠᠴᠠ ᠮᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠴᠢᠬᠤᠯᠠᠴᠢᠯᠠᠵᠤ ᠪᠠᠶᠢᠬᠤ ᠶᠢ | ᠭᠦᠨᠵᠡᠭᠡᠢ ᠣᠶᠢᠯᠠᠭᠠᠪᠠ᠃ ᠬᠠᠷᠢᠭᠰᠠᠨ ᠤ ᠳᠠᠷᠠᠭ᠎ᠠ ᠪᠢ ᠡᠨᠡ ᠤᠳᠠᠭᠠᠨ ᠤ ᠰᠣᠷᠣᠭᠰᠠᠨ ᠮᠡᠳᠡᠯᠭᠡ ᠪᠠᠨ ᠠᠵᠤ | ᠠᠬᠤᠶᠢᠯᠠᠯ ᠤᠨ ᠡᠵᠡᠩᠨᠡᠯᠲᠡ ᠳᠤ ᠠᠭᠤᠰᠬᠠᠬᠤ ᠪᠠᠷ ᠴᠢᠷᠮᠠᠶᠢᠵᠤ᠂ ᠢᠳᠡᠪᠬᠢᠲᠡᠢ ᠪᠠᠷ ᠰᠢᠨ᠎ᠡ ᠶᠢ ᠡᠭᠦᠳᠴᠦ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ | ᠤᠯᠠᠭᠠᠨᠬᠤᠲᠠ ᠶᠢᠨ ᠰᠢᠩ ᠪᠠ ᠬᠥᠩᠭᠡᠨ ᠴᠠᠭᠠᠨ ᠤ ᠦᠢᠯᠡᠰ ᠤᠨ ᠶᠡᠷᠦᠩᠬᠡᠢ ᠵᠠᠬᠢᠷᠤᠯ ᠲᠦ᠋ ᠯᠢᠶᠠᠩ ᠹᠠᠨ ᠬᠡᠯᠡᠪᠡ᠃ | ︽ᠠᠷᠠᠳ ᠤᠨ ᠡᠵᠡᠩᠨᠡᠯᠲᠡ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠪᠢᠳᠡ ᠰᠤᠷᠤᠯᠴᠠᠯᠭ᠎ᠠ ᠶᠢᠨ | ᠦᠷ᠎ᠡ ᠪᠦᠲᠦᠭᠡᠯ ᠢᠶᠠᠨ ᠪᠠᠲᠤ ᠡᠵᠡᠮᠳᠡᠵᠦ᠂ ᠲᠥᠪ ᠤᠨ ᠨᠠᠢᠮᠠᠨ ᠲᠣᠭᠲᠠᠭᠠᠯ ᠤᠨ ᠱᠠᠭᠠᠷᠳᠠᠯᠭ᠎ᠠ ᠶᠢ ᠠᠵᠤ | ᠠᠬᠤᠶᠢᠯᠠᠯ ᠤᠨ ᠡᠵᠡᠩᠨᠡᠯᠲᠡ ᠳᠤ ᠲᠤᠭᠤᠰᠢᠯᠠᠭᠤᠯᠵᠤ᠂ ︿ᠮᠣᠩᠭᠤᠯ ᠮᠣᠷᠢᠨ ᠤ ᠵᠣᠷᠢᠭ ᠰᠠᠨᠠᠭ᠎ᠠ﹀ ᠪᠠ ︿ | ᠤᠮᠠᠷᠠᠲᠤ ᠶᠢᠨ ᠭᠤᠷᠪᠠᠨ ᠣᠷᠤᠨ ᠤ ᠵᠣᠷᠢᠭ ᠰᠠᠨᠠᠭ᠎ᠠ﹀ ᠶᠢ ᠠᠵᠤ ᠠᠬᠤᠶᠢᠯᠠᠯ ᠤᠨ ᠥᠷᠲᠡᠭ ᠤᠨ ᠦᠵᠡᠯᠲᠡ ᠳᠤ | ᠠᠭᠤᠰᠬᠠᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠳᠤᠮᠳᠠ ᠰᠢᠨ᠎ᠡ ᠶᠢ ᠡᠭᠦᠳᠴᠦ | ᠰᠢᠪᠲᠤᠯᠤᠯᠲᠠ ᠬᠢᠬᠦ ᠶᠢ ᠠᠬᠢᠭᠤᠯᠤᠨ᠎ᠠ︾ ᠭᠡᠵᠦ ᠥᠪᠥᠷ ᠮᠣᠩᠭᠤᠯ ᠤᠨ ᠬᠠᠨ ᠢ ᠳ᠋ᠡ ᠠᠷᠠᠯᠵᠢᠶ᠎ᠠ ᠬᠤᠳᠠᠯᠳᠤᠭᠠᠨ ᠤ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᡁᠢ ᠸᠧᠢ ᠬᠡᠯᠡᠪᠡ᠃ | ᠲᠤᠰ ᠤᠳᠠᠭᠠᠨ ᠤ ᠪᠣᠯᠪᠠᠰᠤᠷᠠᠯ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠨᠢ ᠠᠵᠤ | ᠠᠬᠤᠶᠢᠯᠠᠯ ᠳᠤ ᠦᠵᠡᠭᠦᠯᠬᠦ ᠵᠢᠯᠣᠭᠤᠳᠤᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠠᠷᠢᠭᠤᠨ ᠴᠢᠬᠡᠴᠢ ᠪᠠᠷ ᠠᠵᠢᠯ ᠡᠷᠬᠢᠯᠡᠬᠦ ᠬᠤᠷᠢᠭ᠎ᠠ ᠱᠤᠭᠤᠮ ᠢ ᠪᠠᠲᠤ | ᠴᠣᠭᠴᠠᠯᠠᠵᠤ᠂ ᠠᠵᠤ ᠠᠬᠤᠶᠢᠯᠠᠯᠲᠠᠨ ᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠴᠤᠴᠠᠯᠲᠠ ᠦᠭᠡᠢ | ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠵᠠᠮ ᠨᠡᠭᠡᠭᠡᠨ ᠰᠢᠨ᠎ᠡ ᠶᠢ ᠡᠭᠦᠳᠬᠦ ᠶᠢ ᠵᠣᠷᠢᠭᠵᠢᠭᠤᠯᠵᠠᠢ᠃ | ︽ᠲᠣᠰ ᠤᠳᠠᠭᠠᠨ ᠤ ᠪᠥᠬᠦ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ | ᠲᠥᠯᠥᠭᠡᠯᠡᠭᠴᠢᠳ ᠤᠨ ᠠᠵᠤ ᠠᠬᠤᠶ ᠶᠢᠨ ᠪᠠᠶᠢᠳᠠᠯ ᠤᠨ ᠬᠥᠮᠦᠵᠢᠯ ᠤᠨ ᠪᠣᠯᠪᠠᠰᠤᠷᠠᠯ ᠤᠨ ᠠᠩᠭᠢ ᠶᠢ ᠡᠷᠭᠢᠯᠡᠭᠰᠡᠨ | ᠨᠢ ᠮᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢᠨ | ᠵᠠᠩᠭᠢᠯᠠᠭ᠎ᠠ ᠶᠢᠨ ᠨᠢᠭᠡ ᠭᠤᠭᠴᠤᠭ᠎ᠠ ᠮᠥᠨ᠂ ᠡᠨᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ | ᠬᠠᠪᠰᠤᠷᠤᠨ ᠠᠵᠤ ᠠᠬᠤᠶ ᠶᠢᠨ ᠪᠠᠶᠢᠳᠠᠯ ᠢ ᠣᠨᠣᠪᠴᠢᠲᠠᠶ ᠡᠵᠡᠮᠳᠡᠵᠦ᠂ ᠬᠠᠷᠠᠭ᠎ᠠ ᠶᠢ ᠨᠢ ᠥᠷᠭᠡᠳᠬᠡᠨ᠂ | ᠦᠵᠡᠯᠲᠡ ᠶᠢ ᠨᠢ ᠰᠢᠨᠡᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠡᠨᠧᠷᠭᠢ | ᠬᠠᠳᠠᠭᠠᠯᠠᠬᠤ ᠶᠢᠨ ᠲᠥᠯᠥᠭᠡ ᠶᠤᠮ᠃ ᠬᠤᠶᠢᠰᠢᠳᠠ ᠪᠢᠳᠡ ᠪᠠᠰᠠ ᠡᠨᠡ ᠬᠦ ᠲᠥᠷᠥᠯ ᠤᠨ ᠪᠣᠯᠪᠠᠰᠤᠷᠠᠯ ᠢ | ᠦᠷᠭᠦᠯᠵᠢᠯᠡᠨ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠤᠨ ᠦᠰᠦᠨ ᠪᠤᠶᠢᠵᠢᠬᠤ | ᠪᠠ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︾ | ᠭᠡᠵᠦ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠵᠢᠤᠢ ᠶᠠᠨ ᠬᠤᠢ ᠬᠡᠯᠡᠪᠡ᠃ | |