ᠨᠠᠮ ᠤᠨ ᠭᠡᠰᠢᠭᠦᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2025/5/29
       ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠺᠠᠳ᠋ᠷᠴᠤᠳ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ᠪᠠᠶᠢᠭᠤᠯᠭ᠎ᠠ ᠶᠢᠨ ᠪᠥᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠭᠤᠯᠪᠠ᠃       ᠬᠡᠷᠡᠭ ᠢᠶᠠᠷ ᠲᠣᠯᠢ ᠪᠣᠯᠭᠠᠵᠤ ᠠᠷᠢᠭᠤᠨ ᠴᠢᠬᠡᠴᠢ ᠶᠢᠨ ᠰᠡᠷᠡᠮᠵᠢ ᠶᠢᠨ ᠬᠤᠩᠬᠤ ᠶᠢ ᠳᠤᠤᠭᠠᠷᠭᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ ᠬᠤᠲᠠ ᠶᠢᠨ ᠱᠠᠲᠤᠨ ᠤ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠡᠮᠵᠢ ᠶᠢᠨ ᠳᠣᠬᠢᠶ᠎ᠠ ᠥᠭᠴᠦ᠂ ᠨᠠᠮ ᠤᠨ ᠭᠡᠰᠢᠭᠦᠨ ᠺᠠᠳ᠋ᠷᠴᠤᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢᠨ ᠴᠢᠬᠤᠯᠠ ᠴᠢᠨᠠᠷ ᠪᠠ ᠰᠠᠬᠢᠯᠭ᠎ᠠ ᠪᠠᠲᠤ ᠶᠢ ᠵᠥᠷᠢᠴᠡᠭᠰᠡᠨ ᠬᠦᠨᠳᠦ ᠨᠣᠴᠢᠲᠠᠶ ᠦᠷ᠎ᠡ ᠳ᠋ᠦᠩ ᠢ ᠭᠦᠨᠵᠡᠭᠡᠶ ᠲᠠᠨᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠥᠪᠡᠷ ᠢ ᠪᠠᠨ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠤᠯᠠᠭᠠᠨ ᠱᠤᠭᠤᠮ ᠳᠤ ᠬᠠᠯᠳᠠᠬᠤ ᠥᠬᠡᠶ ᠪᠠᠶᠢᠬᠤ ᠶᠢ ᠴᠠᠭ ᠢᠮᠠᠭᠲᠠ ᠰᠡᠷᠡᠮᠵᠢᠯᠡᠭᠦᠯᠦᠭᠰᠡᠨ ᠪᠠᠶᠢᠨ᠎ᠠ᠃       ᠭᠦᠨᠵᠡᠭᠡᠢ ᠰᠤᠷᠤᠯᠴᠠᠵᠤ ᠰᠣᠷᠲᠠᠯ ᠤᠨ ᠴᠢᠬᠤᠯᠠ ᠴᠢᠨᠠᠷ ᠢ ᠤᠬᠠᠪᠠ᠃ ᠪᠠᠯᠭᠠᠰᠤᠨ ᠳᠠᠷᠤᠭ᠎ᠠ ᠰᠢᠤᠸᠠᠢ ᠬᠤᠸᠠ ᠹᠸᠢ ᠠᠴᠠ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ ᠶᠢ ᠳᠠᠭᠠᠭᠤᠯᠤᠨ ᠰᠤᠷᠤᠯᠴᠠᠪᠠ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠲᠠᠶᠢᠯᠪᠤᠷᠢᠯᠠᠵᠠᠢ᠂ ᠨᠠᠮ ᠤᠨ ᠭᠡᠰᠢᠭᠦᠳ ᠰᠣᠷᠲᠠᠯ ᠤᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠶᠢᠨ ᠭᠤᠤᠯ ᠰᠡᠳᠦᠪ ᠪᠣᠯᠬᠤ ᠪᠠᠷ ᠪᠠᠷᠠᠬᠤ ᠥᠬᠡᠶ᠂ ᠨᠠᠩ ᠴᠤ ᠭᠡᠭᠡᠨᠰᠦ᠋ᠮ᠎ᠡ ᠪᠠᠯᠭᠠᠰᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠪᠥᠬᠦ ᠪᠠᠯᠭᠠᠰᠤᠨ ᠤ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠲᠤᠯᠭᠠᠭᠤᠷᠢᠯᠠᠯ ᠪᠠ ᠠᠵᠢᠯᠯᠠᠭ᠎ᠠ ᠶᠢᠨ ᠵᠢᠯᠣᠭᠤᠳᠣᠯᠭ᠎ᠠ ᠬᠠᠩᠭᠠᠬᠤ ᠬᠡᠷᠡᠭᠲᠡᠶ ᠭᠡᠳᠡᠭ ᠢ ᠭᠦᠨᠵᠡᠭᠡᠶ ᠲᠠᠨᠢᠵᠤ ᠣᠯᠤᠭᠰᠠᠨ ᠪᠠᠶᠢᠨ᠎ᠠ᠃       ᠨᠠᠮ ᠤᠨ ᠭᠡᠰᠢᠭᠦᠨ ᠣᠪᠣᠷ ᠢᠶᠠᠨ ᠢᠯᠡᠳᠬᠡᠵᠦ ᠢᠳᠡᠪᠬᠢᠲᠡᠢ ᠦᠢᠯᠡᠳᠦᠯᠭᠡᠵᠢᠭᠦᠯᠵᠦ ᠬᠤᠪᠢᠷᠠᠯᠲᠠ ᠭᠠᠷᠭᠠᠪᠠ᠃ ᠨᠠᠮ ᠤᠨ ᠭᠡᠰᠢᠭᠦᠨ ᠺᠠᠳ᠋ᠷᠴᠤᠳ ᠰᠤᠷᠤᠯᠴᠠᠭᠰᠠᠨ ᠤ ᠲᠠᠷᠠᠭ᠎ᠠ᠂ ᠲᠤᠰ ᠤᠳᠠᠭᠠᠨ ᠤ ᠰᠤᠷᠤᠯᠴᠠᠯᠭ᠎ᠠ ᠪᠠᠷ ᠴᠢᠬᠤᠯᠠ ᠠᠵᠠ ᠲᠣᠬᠢᠶᠠᠯ ᠪᠣᠯᠭᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ ᠭᠦᠨᠵᠡᠭᠡᠢ ᠲᠤᠩᠭᠠᠨ ᠪᠣᠳᠣᠯᠬᠢᠯᠠᠨ᠎ᠠ᠃ ᠡᠳᠦᠷ ᠲᠤᠲᠤᠮ ᠤᠨ ᠠᠵᠢᠯ ᠤᠨ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠠᠵᠢᠯ ᠤᠨ ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠤᠯᠠᠨ ᠲᠦᠮᠡᠨ ᠤ ᠠᠰᠠᠭᠤᠳᠠᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠨᠡᠩ ᠪᠣᠳᠠᠲᠠᠢ ᠶᠢ ᠡᠷᠬᠢᠮᠯᠡᠬᠦ ᠣᠪᠣᠷ ᠢᠶᠠᠷ ᠡᠭᠦᠷᠭᠡ ᠨᠢᠭᠡᠪᠦᠷᠢ ᠳᠤ ᠬᠠᠨᠳᠤᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠨ᠎ᠠ ᠭᠡᠵᠦ ᠢᠯᠡᠳᠬᠡᠵᠡᠭᠡᠪᠡ᠃        ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠦᠳᠦᠯᠦᠨ ᠵᠢᠯᠣᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠢᠴᠢ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠨᠠᠮ ᠤᠨ ᠭᠡᠰᠢᠭᠦᠨ ᠺᠠᠳ᠋ᠷᠴᠤᠳ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠭᠡᠨᠰᠦ᠋ᠮ᠎ᠡ ᠪᠠᠯᠭᠠᠰᠤᠨ ᠤ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠠ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号