| ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ | ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠨ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ | ᠪᠠᠶᠢᠭᠤᠯᠭ᠎ᠠ ᠶᠢᠨ ᠪᠥᠬᠦ ᠺᠠᠳ᠋ᠷ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ | ᠳᠡᠭᠦᠯᠢᠨ ᠵᠡᠭᠡᠯᠢ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ ᠲᠤ ᠬᠦᠷᠴᠦ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠵᠢᠯᠯᠠᠭ᠎ᠠ ᠥᠷᠨᠢᠭᠦᠯᠪᠡ᠃ | | | | | | | ᠨᠠᠮ ᠤᠨ ᠭᠡᠰᠢᠭᠦᠨ ᠺᠠᠳ᠋ᠷᠴᠤᠳ ᠲᠠᠶᠢᠯᠪᠤᠷᠢᠯᠠᠭᠴᠢ ᠶᠢᠨ ᠵᠢᠯᠣᠭᠤᠳᠤᠯᠭ᠎ᠠ ᠳᠣᠣᠷ᠎ᠠ᠂ ᠡᠯ᠎ᠡ ᠦᠵᠡᠭᠦᠯᠭᠡ ᠶᠢᠨ | ᠲᠣᠭᠤᠷᠢᠭ ᠢ ᠲᠣᠭᠤᠷᠢᠨ ᠦᠵᠡᠪᠡ᠃ ᠴᠢᠬᠡᠴᠢ ᠵᠠᠰᠠᠭ ᠤᠨ ᠭᠡᠷᠡᠯ ᠵᠢᠷᠤᠭ ᠤᠳ ᠨᠢ ᠨᠠᠮ ᠪᠠ ᠤᠯᠤᠰ ᠤᠨ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠠᠯ᠎ᠠ ᠪᠠᠷ ᠬᠢ ᠡᠷᠡᠰ ᠪᠠᠲᠤ ᠵᠣᠷᠢᠭ ᠪᠠ ᠭᠠᠷᠮᠠᠭᠠᠢ ᠠᠮᠵᠢᠯᠲᠠ ᠶᠢ | ᠠᠮᠢᠳᠤᠯᠢᠭ ᠢᠶᠠᠷ ᠬᠠᠷᠠᠭᠤᠯᠪᠠ᠃ ᠨᠡᠶᠢᠲᠡᠯᠢᠭ ᠬᠡᠷᠡᠭ ᠤᠨ ᠵᠢᠱᠢᠶ᠎ᠡ ᠨᠦᠭᠦᠳ ᠨᠢ ᠢᠯᠵᠠᠷᠠᠯ ᠤᠨ ᠠᠵᠢᠯᠯᠠᠭ᠎ᠠ ᠶᠢᠨ | ᠡᠭᠦᠰᠦᠭᠰᠡᠨ ᠰᠢᠯᠲᠠᠭᠠᠨ᠂ ᠬᠤᠣᠷ ᠬᠥᠨᠥᠭᠡᠯ ᠵᠢᠴᠢ ᠦᠷ᠎ᠡ ᠳ᠋ᠦᠩ ᠢ ᠭᠦᠨᠵᠡᠭᠡᠢ ᠵᠠᠳᠠᠯᠵᠤ᠂ ᠣᠯᠠᠨ ᠳᠤ | ᠢᠯᠵᠠᠷᠠᠯ ᠤᠨ ᠬᠤᠪᠢ ᠬᠥᠮᠦᠨ᠂ ᠭᠡᠷ ᠪᠦᠯᠢ ᠪᠠ ᠨᠡᠶᠢᠭᠡᠮ ᠳᠤ ᠤᠴᠠᠷᠠᠭᠤᠯᠤᠭᠰᠠᠨ ᠯᠤᠲᠤ ᠶᠡᠭᠡ ᠬᠤᠤᠷ ᠬᠥᠨᠥᠭᠡᠯ ᠢ | ᠰᠢᠭᠤᠳ ᠣᠶᠢᠯᠠᠭᠠᠭᠤᠯᠵᠠᠢ᠃ ᠡᠳᠡᠭᠡᠷ ᠬᠡᠷᠡᠭ ᠤᠨ ᠵᠢᠱᠢᠶ᠎ᠡ ᠨᠢ ᠶᠠᠭ ᠰᠡᠷᠡᠮᠵᠢ ᠶᠢᠨ ᠲᠤᠬᠢᠶ᠎ᠠ ᠰᠢᠭ᠋ ᠪᠠᠶᠢᠵᠤ᠂ | ᠤᠯᠠᠨ ᠢ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠠᠴᠠ ᠳᠠᠪᠠᠵᠤ ᠪᠣᠯᠬᠤ ᠦᠭᠡᠢ ᠬᠡᠭᠴᠢ ᠶᠢ | ᠰᠠᠨᠠᠭᠤᠯᠵᠠᠢ᠃ | | | | | | | ᠠᠵᠢᠯᠯᠠᠭ᠎ᠠ ᠶᠢᠨ ᠳᠤᠮᠳᠠ᠂ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ | ᠪᠥᠬᠦ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠡᠷᠭᠢᠴᠡᠭᠦᠯᠪᠡ᠃ | ᠤᠯᠠᠨ ᠢᠶᠠᠷ ᠢᠶᠠᠨ ᠭᠠᠯ ᠤᠯᠠᠭᠠᠨ ᠨᠠᠮ ᠤᠨ ᠲᠤᠭ ᠲᠤ ᠬᠠᠨᠳᠤᠵᠤ᠂ ᠪᠠᠷᠠᠭᠤᠨ ᠨᠢᠳᠤᠷᠭ᠎ᠠ ᠪᠠᠨ ᠡᠷᠭᠦᠵᠦ᠂ ᠲᠥᠪ | ᠴᠢᠩᠭ᠎ᠠ ᠪᠠᠷ ᠲᠠᠩᠭᠠᠷᠢᠭᠯᠠᠪᠠ᠂ ᠡᠨᠡ ᠪᠣᠯ ᠨᠠᠮ ᠳᠤ ᠪᠠᠨ ᠲᠥᠪ ᠴᠢᠩᠭ᠎ᠠ ᠠᠮᠠᠯᠠᠯᠲᠠ ᠪᠣᠯᠬᠤ ᠪᠠᠷ ᠪᠠᠷᠠᠬᠤ ᠦᠭᠡᠢ᠂ | ᠨᠡᠩ ᠴᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠶᠢ ᠦᠢᠯᠡᠳᠦᠯᠭᠡᠵᠢᠭᠦᠯᠬᠦ ᠪᠠᠲᠤ ᠵᠣᠷᠢᠭ ᠪᠣᠯᠤᠨ᠎ᠠ᠃ | ᠳᠠᠷᠠᠭ᠎ᠠ ᠨᠢ᠂ ᠪᠦᠭᠦᠳᠡᠭᠡᠷ ᠢᠶᠠᠨ ᠰᠡᠷᠡᠮᠵᠢᠯᠡᠭᠦᠯᠬᠦ ᠬᠥᠮᠦᠵᠢᠯ ᠤᠨ ᠺᠢᠨᠣ᠋ ︽ᠦᠷᠭᠦᠯᠵᠢᠯᠡᠨ ᠴᠢᠷᠮᠠᠶᠢᠵᠤ᠂ | ᠭᠦᠨᠵᠡᠭᠡᠶᠢᠷᠡᠭᠦᠯᠦᠨ ᠠᠬᠢᠭᠤᠯᠤᠶ᠎ᠠ︾ ᠭᠡᠬᠦ ᠶᠢᠨ ᠭᠤᠷᠪᠠᠳᠤᠭᠠᠷ ᠪᠦᠯᠦᠭ ︽ᠰᠤᠷᠲᠠᠯ ᠢ ᠴᠡᠭᠴᠡᠯᠡᠨ ᠰᠠᠬᠢᠯᠭ᠎ᠠ | ᠪᠠᠲᠤ ᠶᠢ ᠴᠢᠩᠳᠠᠯᠠᠶᠠ︾ ᠶᠢ ᠬᠠᠮᠲᠤ ᠪᠠᠷ ᠦᠵᠡᠵᠦ᠂ ᠬᠡᠷᠡᠭ ᠢᠶᠠᠷ ᠲᠤᠯᠢ ᠪᠣᠯᠭᠠᠵᠤ᠂ ᠬᠡᠷᠡᠭ ᠢᠶᠠᠷ ᠰᠠᠬᠢᠯᠭ᠎ᠠ | ᠪᠠᠲᠤ ᠶᠢ ᠲᠣᠳᠣᠷᠬᠠᠶᠢᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠡᠷᠡᠮᠵᠢ ᠶᠢᠨ ᠬᠤᠩᠬᠤ ᠶᠢ ᠳᠤᠤᠭᠠᠷᠭᠠᠪᠠ | ᠃ ᠺᠢᠨᠣ᠋ ᠳᠠᠭᠤᠰᠤᠭᠰᠠᠨ ᠤ ᠲᠠᠷᠠᠭ᠎ᠠ᠂ ᠨᠠᠮ ᠤᠨ ᠭᠡᠰᠢᠭᠦᠨ ᠺᠠᠳ᠋ᠷᠴᠤᠳ ᠬᠡᠷᠡᠭ ᠤᠨ ᠵᠢᠱᠢᠶ᠎ᠡ ᠪᠠᠷ ᠴᠡᠭᠡᠷᠯᠡᠯ ᠪᠣᠯᠭᠠᠵᠤ᠂ | ᠲᠤᠰ ᠪᠡᠶ᠎ᠡ ᠶᠢᠨ ᠨᠠᠮᠴᠢ ᠴᠢᠨᠠᠷ ᠤᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠥᠳᠥᠭᠡᠯᠭᠡ ᠶᠢ | ᠤᠬᠠᠮᠰᠠᠷ ᠠᠴᠠ ᠪᠠᠨ ᠡᠰᠡᠷᠭᠦᠴᠡᠵᠦ᠂ ᠰᠡᠳᠬᠢᠯ ᠳᠡᠭᠡᠨ ᠵᠢᠷᠦᠬᠡᠰᠢᠶᠡᠯ ᠲᠠᠢ᠂ ᠦᠭᠡ ᠳᠡᠭᠡᠨ ᠴᠡᠭᠡᠷ ᠲᠠᠢ᠂ ᠦᠢᠯᠡ | ᠠᠵᠢᠯᠯᠠᠭ᠎ᠠ ᠳᠠᠭᠠᠨ ᠬᠢᠵᠠᠭᠠᠷᠯᠠᠯ ᠲᠠᠢ ᠪᠠᠶᠢᠬᠤ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ | | | | | | | ᠲᠣᠰ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠠᠵᠢᠯᠯᠠᠭ᠎ᠠ ᠨᠢ ᠨᠠᠮ ᠤᠨ | ᠭᠡᠰᠢᠭᠦᠨ ᠺᠠᠳ᠋ᠷᠴᠤᠳ ᠲᠤ ᠦᠵᠡᠯ ᠰᠠᠨᠠᠭᠠᠨ ᠤ ᠲᠠᠯ᠎ᠠ ᠪᠠᠷ ᠨᠢᠭᠡ ᠤᠳᠠᠭᠠᠨ ᠤ ᠭᠦᠨᠵᠡᠭᠡᠶ ᠬᠥᠮᠦᠵᠢᠯ ᠬᠦᠷᠲᠡᠭᠡᠭᠰᠡᠨ | ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠪᠥᠬᠦ ᠪᠠᠯᠭᠠᠰᠤᠨ ᠤ ᠤᠳᠤᠷᠢᠳᠬᠤ ᠺᠠᠳ᠋ᠷ ᠴᠠᠭ ᠢᠮᠠᠭᠲᠠ | ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠠᠵᠢᠯ ᠤᠨ | ᠰᠤᠷᠲᠠᠯ ᠢᠶᠠᠨ ᠦᠨᠡᠨ ᠬᠦ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ | ᠡᠷᠬᠢᠮᠯᠡᠬᠦ ᠣᠪᠣᠷ ᠢᠶᠠᠷ ᠠᠵᠢᠯ ᠳᠤ ᠪᠠᠨ ᠣᠷᠣᠯᠴᠠᠵᠤ᠂ ᠭᠡᠭᠡᠨᠰᠦ᠋ᠮ᠎ᠡ ᠪᠠᠯᠭᠠᠰᠤᠨ ᠤ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠬᠦ ᠪᠣᠯᠤᠨ᠎ᠠ᠃ | | |