| 5 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠶᠡᠷᠦᠩᠬᠡᠶ ᠵᠢᠵᠢᠭᠦᠷᠯᠡᠬᠦ ᠲᠠᠰᠤᠭ᠂ | ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠬᠠᠮᠲᠤᠷᠠᠭᠰᠠᠨ ᠰᠤᠷᠪᠤᠯᠵᠢᠯᠠᠭ᠎ᠠ ᠬᠦᠯᠢᠶᠡᠬᠦ ᠲᠥᠪ᠂ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠢᠭᠤᠴᠠ ᠮᠡᠳᠡᠭᠡᠨ ᠤ ᠵᠢᠯᠣᠭᠤᠳᠬᠤ ᠲᠥᠪ ᠪᠠ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠵᠢᠵᠢᠭᠦᠷᠯᠡᠬᠦ ᠲᠠᠰᠤᠭ ᠤᠨ ︽5 · 1︾ ᠤ | ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ | ᠪᠠᠶᠢᠴᠠᠭᠠᠬᠤ ᠶᠢᠨ ᠬᠠᠮᠲᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠵᠢᠵᠢᠭᠦᠷᠯᠡᠭᠴᠢᠳ ᠢ ᠲᠣᠬᠤᠨᠢᠭᠤᠯᠪᠠ᠃ | ᠡᠯ᠎ᠡ ᠵᠢᠵᠢᠭᠦᠷᠯᠡᠬᠦ ᠳᠠᠯᠠᠪᠤᠷ ᠲᠤ᠂ ᠢᠦᠢ ᠵᠢᠢ ᠱᠦᠨ ᠵᠢᠵᠢᠭᠦᠷ ᠤᠨ ᠲᠤᠬᠢᠷᠠᠭᠤᠯᠤᠯᠳᠠ᠂ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠵᠡᠷᠭᠡ ᠠᠵᠢᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ | ᠵᠢᠵᠢᠭᠦᠷ ᠤᠨ ᠲᠡᠮᠳᠡᠭᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ | ᠭᠡᠨᠡᠳᠲᠡ ᠶᠢᠨ ᠬᠡᠷᠡᠭ ᠢ ᠠᠷᠭᠠᠴᠠᠭᠠᠬᠤ ᠵᠡᠷᠭᠡ ᠠᠵᠢᠯ ᠤᠨ ᠨᠠᠷᠢᠨ ᠵᠦᠢᠯᠡᠰ ᠢ ᠣᠶᠢᠯᠠᠭᠠᠵᠤ᠂ ᠸᠢᠳᠢᠣ᠋ ᠪᠠᠷ ᠡᠯ᠎ᠡ | ᠬᠤᠰᠢᠭᠤ ᠰᠢᠶᠠᠨ ᠬᠤᠳᠠ ᠶᠢᠨ ᠵᠢᠵᠢᠭᠦᠷ ᠤᠨ ᠪᠠᠶᠢᠳᠠᠯ ᠢ ᠲᠤᠬᠢᠷᠠᠭᠤᠯᠪᠠ᠃ | ᠢᠦᠶ ᠵᠢᠶ ᠱᠦᠨ ᠴᠢᠬᠤᠯᠠᠴᠢᠯᠠᠭᠰᠠᠨ ᠨᠢ᠂ ᠵᠢᠵᠢᠭᠦᠷᠯᠡᠨ ᠰᠠᠬᠢᠬᠤ ᠠᠵᠢᠯ ᠪᠣᠯ ᠲᠦᠢᠯ ᠤᠨ ᠴᠢᠬᠤᠯᠠ | ᠶᠤᠮ᠂ ᠢᠯᠠᠩᠭᠤᠶ᠎ᠠ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠴᠠᠭ ᠢᠮᠠᠭᠲᠠ ᠳᠡᠭᠡᠳᠦ | ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠬᠤ ᠬᠡᠷᠡᠭᠲᠡᠶ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠪᠠᠨ ᠴᠢᠩᠭᠠᠳᠬᠠᠵᠤ᠂ ᠴᠢᠬᠤᠯᠠ ᠶᠡᠭᠡ ᠬᠡᠷᠡᠭ ᠶᠠᠪᠤᠳᠠᠯ ᠢ ︽ᠬᠠᠮᠤᠭ ᠤᠨ | ᠲᠡᠷᠢᠭᠦᠨ ᠳᠤ ᠮᠡᠳᠡᠭᠦᠯᠵᠦ᠂ ᠰᠢᠢᠳᠪᠦᠷᠢᠯᠡᠬᠦ ᠶᠢᠨ ᠳᠠᠭᠠᠤ ᠮᠡᠳᠡᠭᠦᠯᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ | ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ᠂ ᠪᠦᠷᠢᠨ ᠭᠦᠢᠴᠡᠳ ᠳᠠᠮᠵᠢᠭᠤᠯᠬᠤ ᠶᠢ ᠪᠡᠶᠡᠯᠡᠭᠦᠯᠬᠦ | ᠬᠡᠷᠡᠭᠲᠡᠶ᠃ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠯᠴᠠᠭ᠎ᠠ ᠬᠤᠯᠪᠣᠭ᠎ᠠ ᠰᠠᠭᠠᠳ ᠥᠬᠡᠶ | ᠨᠡᠪᠲᠡᠷᠡᠬᠦ᠂ ᠲᠤᠰᠬᠠᠯ ᠲᠦᠷᠭᠡᠨ᠂ ᠰᠢᠢᠳᠪᠦᠷᠢᠯᠡᠯᠲᠡ ᠥᠨᠳᠥᠷ ᠪᠦᠲᠦᠮᠵᠢᠲᠡᠶ ᠪᠠᠶᠢᠬᠤ ᠶᠢ ᠪᠠᠲᠤᠯᠠᠵᠤ᠂ ᠪᠥᠬᠦ | ᠠᠶᠢᠮᠠᠭ ᠤᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ | ᠬᠠᠮᠠᠭᠠᠯᠠᠵᠤ᠂ ᠣᠯᠠᠨ ᠳᠦᠮᠡᠨ ᠤ ᠠᠮᠤᠷ ᠲᠦᠪᠰᠢᠨ᠂ ᠡᠮᠬᠢ ᠳᠢᠭᠯᠢᠮ ᠲᠠᠢ᠂ ᠪᠠᠶᠠᠷ ᠬᠥᠷ ᠲᠠᠢ ᠪᠠᠶᠠᠷ ᠤᠨ ᠡᠳᠦᠷ ᠢ | ᠥᠩᠭᠡᠷᠡᠭᠦᠯᠬᠦ ᠬᠡᠷᠡᠭᠲᠡᠶ ᠭᠡᠪᠡ᠃ ︵ᠰᠢᠨ ᠸᠧᠨ︶ | | | | | |