| | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠥᠷᠨᠢᠯᠲᠡ | ᠳᠤᠮᠳᠠ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ | ᠪᠣᠯᠤᠨ ᠡᠯ᠎ᠡ ᠭᠠᠴᠠᠭ᠎ᠠ ᠲᠤᠰᠬᠤᠨ ᠨᠢᠭᠲᠠ ᠬᠠᠮᠵᠢᠯᠴᠠᠵᠤ᠂ ᠨᠠᠮ ᠤᠨ ᠭᠡᠰᠢᠭᠦᠨ ᠤ ᠰᠢᠨ᠎ᠡ ᠬᠦᠴᠦᠨ ᠢ | ᠬᠥᠮᠦᠵᠢᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠴᠡᠢ | ᠃ ᠯᠢᠦ ᠹᠠᠩ ᠤᠨ ᠦᠰᠦᠨ ᠪᠤᠶᠢᠵᠢᠭᠰᠠᠨ ᠶᠠᠪᠤᠴᠠ ᠪᠣᠯ ᠶᠠᠭ ᠡᠨᠡᠬᠦ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠶᠢᠨ | ᠠᠮᠢᠳᠤᠯᠢᠭ ᠵᠢᠷᠤᠭᠯᠠᠯ ᠮᠥᠨ᠃ 2022 ᠣᠨ ᠳᠤ᠂ ᠯᠢᠦ ᠹᠠᠩ ᠨᠤᠲᠤᠭ ᠤᠨ ᠴᠢᠳᠠᠪᠤᠷᠢᠲᠠᠨ ᠤ ᠡᠩᠨᠡᠭᠡ ᠳᠤ | ᠣᠷᠣᠵᠤ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠪᠣᠯᠤᠨ ᠬᠠᠳᠠᠨ ᠠᠷᠤ ᠭᠠᠴᠠᠭᠠᠨ ᠤ ᠬᠤᠣᠰ | ᠴᠢᠭᠯᠡᠯᠲᠦ ᠬᠥᠮᠦᠵᠢᠭᠦᠯᠦᠯ ᠳᠣᠣᠷ᠎ᠠ᠂ 2023 ᠣᠨ ᠤ 10 ᠰᠠᠷ᠎ᠠ ᠳᠤ ᠢᠷᠠᠭᠤ ᠠᠯᠳᠠᠷᠲᠠᠢ ᠪᠠᠷ ᠨᠠᠮ ᠳᠤ | ᠤᠷᠤᠭᠰᠠᠨ ᠪᠥᠭᠡᠳ ᠬᠠᠳᠠᠨ ᠠᠷᠤ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ | ᠺᠠᠳ᠋ᠷ ᠤᠨ ᠲᠤᠰᠢᠶᠠᠯ ᠢ ᠡᠭᠦᠷᠭᠡᠯᠡᠵᠦ᠂ ᠨᠤᠲᠤᠭ ᠤᠰᠤᠨ ᠤ ᠪᠦᠳᠦᠭᠡᠨ ᠪᠠᠶᠢᠭᠤᠯᠤᠯᠲᠠ ᠳᠤ ᠥᠪᠡᠷ ᠤᠨ ᠬᠦᠴᠦᠨ | ᠴᠢᠳᠠᠯ ᠢᠶᠠᠨ ᠡᠷᠭᠦᠪᠡ᠃ | ᠰᠠᠶᠢᠲᠤᠷ ᠰᠤᠷᠤᠯᠴᠠᠵᠤ᠂ ᠨᠤᠲᠤᠭ ᠤᠨ ᠴᠢᠳᠠᠪᠤᠷᠢᠲᠠᠨ ᠪᠣᠯᠬᠤ ᠵᠠᠮ ᠢᠶᠠᠨ ᠡᠯᠭᠦᠵᠡᠢ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠨᠢ ︽ᠨᠢᠭᠡ ᠯᠡ ᠬᠡᠪᠰᠢᠯ ᠳᠤ ᠪᠠᠷᠢᠭᠳᠠᠬᠤ | ᠦᠭᠡᠢ ᠪᠠᠷ ᠴᠢᠳᠠᠪᠤᠷᠢᠲᠠᠨ ᠢ ᠰᠤᠩᠭᠤᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠥᠷᠭᠡᠨ ᠢᠶᠠᠷ ᠤᠬᠠᠭᠤᠯᠬᠤ᠂ | ᠣᠯᠠᠨ ᠠᠷᠭ᠎ᠠ ᠵᠠᠮ ᠢᠶᠠᠷ ᠪᠠᠶᠢᠴᠠᠭᠠᠬᠤ ᠪᠠᠷ ᠳᠠᠮᠵᠢᠨ᠂ ᠬᠠᠷᠠᠴᠠ ᠪᠠᠨ ᠡᠯ᠎ᠡ ᠲᠥᠷᠥᠯ ᠤᠨ ᠰᠢᠯᠢᠳᠡᠭ ᠨᠤᠲᠤᠭ ᠤᠨ | ᠴᠢᠳᠠᠪᠤᠷᠢᠲᠠᠨ ᠤ ᠪᠡᠶ᠎ᠡ ᠳᠡᠭᠡᠷ᠎ᠡ ᠲᠥᠪᠯᠡᠷᠡᠭᠦᠯᠵᠡᠢ᠃ ᠯᠢᠦ ᠹᠠᠩ ᠴᠢᠳᠠᠪᠤᠷᠢᠲᠠᠨ ᠡᠯᠰᠡᠬᠦ ᠴᠢᠮᠡᠭᠡ ᠶᠢ ᠮᠡᠳᠡᠭᠰᠡᠨ ᠤ | ᠳᠠᠷᠠᠭ᠎ᠠ᠂ ᠨᠤᠲᠤᠭ ᠤᠰᠤᠨ ᠤ ᠪᠠᠨ ᠬᠥᠭᠵᠢᠯᠲᠡ ᠳᠤ ᠬᠦᠴᠦ ᠪᠠᠨ ᠡᠷᠭᠦᠬᠦ ᠪᠠᠷ ᠰᠠᠨᠠᠭᠠᠴᠢᠯᠠᠭ᠎ᠠ ᠠᠴᠠ ᠪᠠᠨ ᠨᠡᠷ᠎ᠡ | ᠮᠡᠳᠡᠭᠦᠯᠵᠡᠢ᠃ ᠭᠦᠨᠵᠡᠭᠡᠶ ᠰᠢᠨᠵᠢᠯᠡᠨ ᠪᠠᠶᠢᠴᠠᠭᠠᠭᠰᠠᠨ ᠢᠶᠠᠷ᠂ ᠬᠥᠮᠦᠵᠢᠭᠦᠯᠬᠦ ᠲᠥᠪ ᠠᠴᠠ ᠲᠡᠭᠦᠨ ᠢ ᠨᠤᠲᠤᠭ | ᠤᠰᠤᠨ ᠤ ᠪᠠᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠴᠢᠳᠠᠪᠤᠷᠢ ᠲᠠᠢ ᠬᠡᠮᠡᠨ ᠲᠡᠭᠦᠨ ᠢ | ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ᠳᠤ ᠣᠷᠣᠭᠤᠯᠵᠤ᠂ ᠭᠤᠤᠯᠳᠠᠯᠭ᠎ᠠ ᠲᠠᠢ ᠬᠥᠮᠦᠵᠢᠭᠦᠯᠬᠦ ᠡᠲᠡᠭᠡᠳ | ᠪᠣᠯᠭᠠᠵᠠᠢ᠃ ᠡᠭᠦᠨ ᠤ ᠬᠠᠮᠲᠤ᠂ ᠬᠠᠳᠠᠨ ᠠᠷᠤ ᠭᠠᠴᠠᠭ᠎ᠠ ᠴᠤ ᠢᠳᠡᠪᠬᠢᠲᠡᠶ ᠪᠠᠷ ᠬᠠᠮᠵᠢᠯᠴᠠᠵᠤ᠂ ᠬᠥᠮᠦᠵᠢᠭᠦᠯᠬᠦ | ᠲᠥᠪ ᠲᠤ ᠯᠢᠦ ᠹᠠᠩ ᠤᠨ ᠲᠣᠰᠬᠤᠨ ᠳᠠᠬᠢ ᠠᠵᠢᠯ ᠤᠨ ᠢᠯᠡᠷᠡᠯ ᠵᠢᠴᠢ ᠣᠯᠠᠨ ᠲᠦᠮᠡᠨ ᠤ ᠰᠠᠭᠤᠷᠢ ᠵᠡᠷᠭᠡ ᠮᠡᠳᠡᠭᠡ | ᠵᠠᠩᠭᠢ ᠶᠢ ᠬᠠᠩᠭᠠᠵᠤ᠂ ᠲᠠᠷᠠᠭᠠᠴᠢ ᠶᠢᠨ ᠠᠯᠬᠤᠮ ᠤᠨ ᠨᠠᠷᠢᠯᠢᠭ ᠣᠨᠣᠴᠠᠲᠠᠶ ᠪᠠᠷ ᠬᠥᠮᠦᠵᠢᠭᠦᠯᠬᠦ ᠳᠤ ᠰᠠᠭᠤᠷᠢ | ᠲᠠᠯᠪᠢᠵᠡᠢ᠃ ᠭᠡᠭᠡᠨᠰᠦ᠋ᠮ᠎ᠡ ᠪᠠᠯᠭᠠᠰᠤᠨ ᠤ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠨᠢ ᠲᠣᠭᠲᠠᠮᠠᠯ | ᠬᠤᠭᠤᠴᠠᠭ᠎ᠠ ᠲᠠᠢ ᠪᠠᠷ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠮ ᠤᠨ | ᠰᠤᠷᠭᠠᠭᠤᠯᠢ ᠶᠢᠨ ᠲᠤᠰᠬᠠᠶ ᠮᠡᠷᠭᠡᠵᠢᠯᠲᠡᠨ᠂ ᠨᠠᠮ ᠤᠨ ᠪᠠᠶᠢᠭᠤᠯᠤᠯᠲᠠ ᠶᠢᠨ ᠠᠵᠢᠯᠲᠠᠨ ᠢ ᠤᠷᠢᠵᠤ ᠨᠠᠮ ᠤᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠲᠤᠰᠬᠠᠶ | ᠰᠡᠳᠦᠪᠲᠦ ᠲᠠᠶᠢᠯᠤᠮᠵᠢ ᠶᠢ ᠥᠷᠨᠢᠭᠦᠯᠪᠡ᠃ ᠬᠤᠶᠠᠷ ᠵᠢᠯ ᠰᠢᠬᠠᠮ ᠤᠨ ᠬᠥᠮᠦᠵᠢᠭᠦᠯᠦᠯ ᠢᠶᠠᠷ ᠳᠠᠮᠵᠢᠨ᠂ ᠯᠢᠦ ᠹᠠᠩ | ᠨᠠᠮ ᠤᠨ ᠬᠥᠳᠡᠭᠡ ᠲᠣᠰᠬᠤᠨ ᠤ ᠬᠥᠭᠵᠢᠯᠲᠡ ᠳᠠᠬᠢ ᠬᠦᠳᠦᠯᠦᠨ ᠳᠠᠭᠠᠭᠤᠯᠬᠤ ᠦᠢᠯᠡᠳᠦᠯ ᠢ ᠭᠦᠨᠵᠡᠭᠡᠢ ᠲᠠᠨᠢᠵᠤ᠂ | ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠬᠦ ᠡᠷᠡᠰ ᠵᠣᠷᠢᠭ ᠢᠶᠠᠨ ᠪᠠᠲᠤᠳᠬᠠᠪᠠ᠃ ᠬᠥᠮᠦᠵᠢᠭᠦᠯᠬᠦ ᠲᠥᠪ | ᠪᠣᠯᠤᠨ ᠬᠠᠳᠠᠨ ᠠᠷᠤ ᠭᠠᠴᠠᠭ᠎ᠠ ᠬᠤᠤᠰ ᠴᠢᠭᠯᠡᠯ ᠢᠶᠠᠷ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠭᠠᠴᠠᠭᠠᠨ ᠤ | ᠨᠠᠮ ᠤᠨ ᠡᠭᠦᠷ ᠤᠨ ᠬᠤᠷᠠᠯ᠂ ᠨᠠᠮ ᠤᠨ ᠭᠡᠰᠢᠭᠦᠨ ᠤ ᠠᠵᠢᠯᠯᠠᠭ᠎ᠠ ᠵᠡᠷᠭᠡ ᠠᠵᠠ ᠲᠣᠬᠢᠶᠠᠯ ᠢ ᠠᠰᠢᠭᠯᠠᠨ᠂ ᠯᠢᠦ | ᠹᠠᠩ ᠢ ᠣᠷᠣᠯᠴᠠᠭᠤᠯᠤᠨ᠂ ᠲᠡᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠭᠠᠴᠠᠭᠠᠨ ᠤ ᠪᠠᠶᠠᠯᠢᠭ ᠲᠤᠷᠰᠢᠯᠭ᠎ᠠ ᠲᠠᠢ ᠠᠬᠠᠮᠠᠳ ᠨᠠᠮ ᠤᠨ | ᠭᠡᠰᠢᠭᠦᠨ ᠠᠴᠠ ᠲᠡᠭᠦᠨ ᠳᠤ ᠦᠵᠡᠯ ᠰᠠᠨᠠᠭᠠᠨ ᠤ ᠵᠢᠯᠣᠭᠤᠳᠣᠯᠭ᠎ᠠ ᠬᠢᠵᠦ᠂ ᠨᠠᠮ ᠳᠤ ᠤᠷᠤᠭᠰᠠᠨ ᠥᠩᠭᠡᠷᠡᠯᠲᠡ ᠪᠠ | ᠨᠠᠮ ᠤᠨ ᠭᠡᠰᠢᠭᠦᠨ ᠤ ᠬᠠᠷᠢᠭᠤᠴᠠᠯᠭ᠎ᠠ ᠪᠠᠨ ᠬᠤᠪᠢᠶᠠᠯᠴᠠᠵᠤ᠂ ᠯᠢᠦ ᠹᠠᠩ ᠤᠨ ᠤᠯᠤᠰ ᠲᠥᠷᠥ ᠶᠢᠨ ᠬᠡᠪ | ᠪᠣᠯᠪᠠᠰᠤᠷᠠᠯ ᠪᠠ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ | ᠤᠷ᠎ᠠ ᠴᠢᠳᠠᠪᠤᠷᠢ ᠶᠢᠨ ᠪᠣᠯᠪᠠᠰᠤᠷᠠᠯ ᠢᠶᠠᠷ ᠴᠢᠳᠠᠪᠤᠷᠢ ᠪᠠᠨ ᠳᠡᠭᠡᠭᠰᠢᠯᠡᠭᠦᠯᠵᠡᠢ᠃ ᠨᠤᠲᠤᠭ ᠤᠨ | ᠴᠢᠳᠠᠪᠤᠷᠢᠲᠠᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠪᠠ ᠣᠨᠴᠠ ᠴᠢᠳᠠᠪᠤᠷᠢ ᠶᠢ ᠦᠨᠳᠦᠰᠦᠯᠡᠨ᠂ | ᠬᠥᠮᠦᠵᠢᠭᠦᠯᠬᠦ ᠲᠥᠪ ᠠᠴᠠ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ | ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠳᠡᠯᠭᠡᠷᠡᠭᠦᠯᠬᠦ ᠵᠡᠷᠭᠡ ᠬᠠᠨᠳᠤᠯᠭᠠᠲᠤ ᠴᠢᠨᠠᠷ ᠢᠶᠠᠷ ᠴᠢᠩᠭ᠎ᠠ | ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠯᠢᠦ ᠹᠠᠩ ᠶᠡᠷᠦ ᠨᠢ ᠢᠳᠡᠪᠬᠢᠲᠡᠶ ᠣᠷᠣᠯᠴᠠᠳᠠᠭ᠃ ᠰᠢᠰᠲ᠋ᠧᠮ ᠲᠠᠢ ᠪᠠᠷ | ᠰᠤᠷᠤᠯᠴᠠᠬᠤ ᠪᠠᠷ ᠳᠠᠮᠵᠢᠨ᠂ ᠲᠡᠷᠡ ᠭᠠᠷ ᠤᠷᠠᠯᠠᠯ ᠤᠨ ᠪᠦᠲᠦᠭᠡᠭᠳᠡᠬᠦᠨ ᠤ ᠬᠥᠭᠵᠢᠯᠲᠡ ᠶᠢᠨ ᠳᠠᠯᠳᠠ ᠬᠦᠴᠦᠨ ᠢ | ᠮᠡᠳᠡᠷᠡᠵᠦ᠂ ᠲᠣᠰᠬᠤᠨ ᠤ ᠳᠣᠲᠣᠷᠠᠬᠢ ᠡᠮᠡᠭᠲᠡᠶᠢᠴᠦᠳ ᠢᠶᠠᠨ ᠳᠠᠭᠠᠭᠤᠯᠤᠨ ᠭᠠᠷ ᠤᠷᠠᠯᠠᠯ ᠤᠨ ᠺᠠᠷᠲ ᠬᠢᠵᠦ᠂ | ᠭᠡᠷ ᠲᠡᠭᠡᠨ ᠰᠡᠯᠡᠭᠦᠦ ᠰᠠᠭᠤᠵᠤ ᠪᠠᠶᠢᠭ᠎ᠠ ᠡᠮᠡᠭᠲᠡᠶᠢᠴᠦᠳ ᠢ ᠠᠵᠢᠯ ᠤᠨ ᠴᠢᠯᠥᠭᠡᠨ ᠤ ᠴᠠᠭ ᠢᠶᠠᠨ ᠠᠰᠢᠭᠯᠠᠨ | ᠣᠷᠤᠯᠭ᠎ᠠ ᠪᠠᠨ ᠨᠡᠮᠡᠭᠳᠡᠭᠦᠯᠬᠦ ᠳᠤ ᠲᠤᠰᠠᠯᠠᠪᠠ᠃ ᠭᠠᠷ ᠤᠷᠠᠯᠠᠯ ᠤᠨ ᠺᠠᠷᠲ ᠬᠢᠬᠦ ᠳᠤ ᠳᠥᠭᠦᠮ᠂ ᠮᠠᠲ᠋ᠧᠷᠢᠶᠠᠯ ᠢ | ᠠᠪᠴᠤ ᠶᠠᠪᠤᠬᠤ ᠳᠤ ᠳᠥᠭᠦᠮ᠂ ᠡᠮᠡᠭᠲᠡᠶᠢᠴᠦᠳ ᠤᠨ ᠠᠵᠢᠯ ᠤᠨ ᠴᠢᠯᠥᠭᠡᠨ ᠤ ᠴᠠᠭ ᠢ ᠠᠰᠢᠭᠯᠠᠨ ᠦᠢᠯᠡᠳᠴᠦ | ᠪᠣᠯᠤᠨ᠎ᠠ᠂ ᠠᠵᠢᠯᠯᠠᠬᠤ ᠴᠠᠭ ᠨᠢ ᠮᠠᠰᠢ ᠴᠢᠯᠥᠭᠡᠲᠡᠶ᠂ ᠰᠠᠶᠢᠬᠠᠨ ᠬᠢᠭᠰᠡᠨ ᠺᠠᠷᠲ ᠢ ᠦᠢᠯᠡᠳᠪᠦᠷᠢ ᠶᠢᠨ ᠬᠢᠨ | ᠬᠤᠷᠢᠶᠠᠨ ᠠᠪᠴᠤ ᠪᠣᠷᠣᠯᠠᠭᠤᠯᠬᠤ ᠳᠤ ᠳᠦᠭᠦᠮ᠃ | ᠦᠢᠯᠡᠳᠦᠯᠭᠡ ᠶᠢᠨ ᠳᠠᠪᠲᠠᠯᠲᠠ ᠪᠠᠷ ᠴᠢᠳᠠᠪᠤᠷᠢ ᠪᠠᠨ ᠨᠡᠮᠡᠭᠳᠡᠭᠦᠯᠵᠡᠢ᠃ ᠬᠥᠮᠦᠵᠢᠭᠦᠯᠬᠦ ᠲᠥᠪ | ᠦᠢᠯᠡᠳᠦᠯᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠵᠤ᠂ ᠨᠤᠲᠤᠭ ᠤᠨ ᠴᠢᠳᠠᠪᠤᠷᠢᠲᠠᠨ ᠢ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠤᠯᠳᠠᠯᠭ᠎ᠠ ᠲᠠᠢ | ᠠᠵᠢᠯ ᠳᠤ ᠣᠷᠣᠯᠴᠠᠭᠤᠯᠬᠤ ᠪᠠᠷ ᠲᠣᠬᠢᠷᠠᠭᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠳᠤᠮᠳᠠ᠂ ᠡᠯᠪᠡᠭ ᠪᠠᠶᠠᠯᠢᠭ ᠲᠤᠷᠰᠢᠯᠭ᠎ᠠ ᠲᠠᠢ | ᠭᠠᠴᠠᠭᠠᠨ ᠤ ᠺᠠᠳ᠋ᠷ ᠪᠣᠯᠤᠨ ᠯᠢᠦ ᠹᠠᠩ ᠬᠤᠤᠰᠯᠠᠯ ᠪᠣᠯᠵᠣ᠂ ᠪᠣᠳᠠᠲᠠᠶ ᠠᠵᠢᠯ ᠤᠨ ᠳᠤᠮᠳᠠ ᠪᠠᠨ ᠭᠠᠴᠠᠭᠠᠨ ᠤ | ᠠᠷᠠᠳ ᠲᠠᠢ ᠬᠠᠷᠢᠯᠴᠠᠨ ᠨᠡᠪᠲᠡᠷᠡᠯᠴᠡᠬᠦ ᠤᠷ᠎ᠠ ᠮᠡᠷᠭᠡᠵᠢᠯ ᠢ ᠤᠯᠠᠮᠵᠢᠯᠠᠵᠤ᠂ ᠦᠨᠳᠦᠰᠦᠨ ᠱᠠᠲᠤᠨ ᠤ ᠶᠠᠪᠤᠳᠠᠯ ᠢ | ᠰᠢᠢᠳᠪᠦᠷᠢᠯᠡᠬᠦ ᠠᠷᠭ᠎ᠠ ᠶᠢ ᠤᠯᠠᠮᠵᠢᠯᠠᠵᠤ᠂ ᠯᠢᠦ ᠹᠠᠩ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠲᠥᠷᠥᠯ | ᠵᠦᠢᠯ ᠤᠨ ᠬᠠᠮᠢᠶᠠᠷᠤᠯᠲᠠ ᠶᠢᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ | ᠮᠥᠷᠳᠡᠨ ᠬᠥᠮᠥᠵᠢᠭᠦᠯᠵᠦ ᠨᠠᠮ ᠤᠨ ᠭᠡᠰᠢᠭᠦᠨ ᠤ ᠳᠠᠶᠢᠴᠢᠨ ᠦᠢᠯᠡᠳᠦᠯ ᠢ ᠦᠨᠡᠨ ᠬᠦ ᠪᠠᠳᠠᠷᠠᠭᠤᠯᠵᠠᠢ | ᠬᠥᠮᠦᠵᠢᠭᠦᠯᠬᠦ ᠲᠥᠪ ᠠᠴᠠ ᠪᠥᠬᠦ ᠶᠠᠪᠤᠴᠠ ᠶᠢᠨ ᠮᠥᠷᠳᠡᠯᠲᠡ ᠶᠢᠨ ᠮᠠᠶ᠋ᠢᠭ ᠤᠨ ᠬᠥᠮᠦᠵᠢᠯ ᠬᠠᠩᠭᠠᠵᠤ᠂ | ᠨᠠᠮ ᠳᠤ ᠣᠷᠣᠬᠤ ᠭᠤᠶᠤᠴᠢᠯᠠᠯ ᠤᠨ ᠪᠢᠴᠢᠭ ᠢ ᠲᠤᠭᠤᠷᠪᠢᠬᠤ ᠠᠴᠠ ᠨᠠᠮ ᠤᠨ ᠣᠨᠣᠯ ᠤᠨ ᠮᠡᠳᠡᠯᠭᠡ ᠶᠢᠨ ᠲᠤᠬᠠᠶ | ᠭᠦᠨᠵᠡᠭᠡᠶ ᠣᠶᠢᠯᠠᠭᠠᠯᠲᠠ ᠬᠦᠷᠲᠡᠯ᠎ᠡ᠂ ᠨᠠᠷᠢᠨ ᠨᠢᠮᠪᠠᠶ ᠵᠢᠯᠣᠭᠤᠳᠣᠯᠭ᠎ᠠ ᠥᠭᠴᠦ᠂ ᠲᠡᠭᠦᠨ ᠢ ᠬᠠᠪᠰᠤᠷᠤᠨ ᠨᠠᠮ ᠳᠤ | ᠣᠷᠣᠬᠤ ᠣᠭ ᠰᠠᠨᠠᠭ᠎ᠠ ᠶᠢ ᠲᠥᠪ ᠪᠣᠯᠭᠠᠪᠠ᠃ ᠬᠠᠳᠠᠨ ᠠᠷᠤ ᠭᠠᠴᠠᠭ᠎ᠠ ᠨᠢ ᠪᠠᠰᠠ ᠭᠠᠴᠠᠭᠠᠨ ᠤ ᠪᠠᠶᠢᠳᠠᠯ ᠢ ᠰᠠᠶᠢᠨ | ᠮᠡᠳᠡᠳᠡᠭ ᠨᠠᠮ ᠤᠨ ᠭᠡᠰᠢᠭᠦᠨ ᠺᠠᠳ᠋ᠷ ᠢ ᠯᠢᠦ ᠹᠠᠩ ᠤᠨ ᠨᠠᠮ ᠳᠤ ᠣᠷᠣᠬᠤ ᠲᠠᠨᠢᠯᠴᠠᠭᠤᠯᠤᠭᠴᠢ ᠶᠢᠨ ᠬᠤᠪᠢ ᠪᠠᠷ | ᠡᠳᠦᠷ ᠳᠤᠳᠤᠮ ᠤᠨ ᠠᠵᠢᠯ ᠪᠣᠯᠤᠨ ᠠᠮᠢᠳᠤᠷᠠᠯ ᠤᠨ ᠳᠤᠮᠳᠠ ᠲᠡᠭᠦᠨ ᠤ ᠦᠵᠡᠯ ᠰᠠᠨᠠᠭᠠᠨ ᠤ ᠪᠠᠶᠢᠳᠠᠯ ᠢ ᠠᠩᠬᠠᠷᠴᠤ | ᠂ ᠴᠠᠭ ᠲᠤᠬᠠᠢ ᠳᠤᠨᠢ ᠬᠥᠮᠦᠵᠢᠭᠦᠯᠬᠦ ᠲᠥᠪ ᠲᠤ ᠬᠠᠷᠢᠭᠤ ᠲᠤᠰᠬᠠᠵᠤ᠂ ᠬᠠᠮᠲᠤᠪᠠᠷ ᠯᠢᠦ ᠹᠠᠩ ᠤᠨ ᠦᠰᠦᠨ | ᠪᠤᠶᠢᠵᠢᠯᠲᠠ ᠳᠤ ᠳᠡᠮᠵᠢᠯᠭᠡ ᠬᠠᠩᠭᠠᠵᠠᠢ᠃ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠬᠢᠨᠠᠨ | ᠰᠢᠯᠭᠠᠵᠤ ᠦᠨᠡᠯᠡᠬᠦ ᠰᠢᠰᠲ᠋ᠧᠮ ᠬᠠᠮᠲᠤ ᠪᠠᠷ ᠲᠣᠭᠲᠠᠭᠠᠵᠤ᠂ ᠤᠯᠤᠰ ᠲᠦᠷᠦ ᠶᠢᠨ ᠢᠯᠡᠷᠡᠯ᠂ ᠰᠤᠷᠤᠯᠴᠠᠬᠤ ᠣᠪᠣᠷ᠂ | ᠠᠵᠢᠯ ᠤᠨ ᠠᠮᠵᠢᠯᠲᠠ ᠪᠦᠲᠦᠮᠵᠢ᠂ ᠤᠯᠠᠨ ᠲᠦᠮᠡᠨ ᠤ ᠦᠨᠡᠯᠡᠯᠲᠡ ᠵᠡᠷᠭᠡ ᠤᠯᠠᠨ ᠲᠠᠯ᠎ᠠ ᠠᠴᠠ ᠯᠢᠦ ᠹᠠᠩ ᠳᠤ | ᠬᠢᠨᠠᠨ ᠰᠢᠯᠭᠠᠯᠲᠠ ᠬᠢᠪᠡ᠃ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠯᠢᠦ ᠹᠠᠩ ᠬᠢᠨᠠᠨ ᠰᠢᠯᠭᠠᠯᠲᠠ ᠳᠤ | ᠤᠷᠤᠭᠰᠢᠲᠠᠢ ᠪᠠᠷ ᠬᠢᠷᠢ ᠲᠡᠩᠴᠡᠵᠦ᠂ 2023 ᠣᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠡᠰᠢᠭᠦᠨ ᠢᠶᠠᠷ ᠡᠯᠰᠡᠭᠳᠡᠪᠡ᠃ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠬᠥᠳᠡᠭᠡ ᠲᠣᠰᠬᠤᠨ ᠢ ᠪᠦᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ | ᠨᠠᠮ ᠳᠤ ᠤᠷᠤᠭᠰᠠᠨ ᠤ ᠲᠠᠷᠠᠭ᠎ᠠ᠂ ᠯᠢᠦ ᠹᠠᠩ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠤᠲᠤᠭ | ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠤᠰᠬᠠᠢ ᠠᠵᠢᠯ ᠢ ᠰᠠᠶᠢᠲᠤᠷ ᠬᠢᠪᠡ᠃ ᠠᠵᠢᠯ ᠤᠨ ᠬᠤᠭᠤᠴᠠᠭᠠᠨ ᠳᠤ᠂ ᠲᠡᠷᠡ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ ᠢ ᠢᠳᠡᠪᠬᠢᠲᠡᠢ | ᠰᠤᠷᠤᠯᠴᠠᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ᠂ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭᠠᠲᠤ ᠡᠷᠦᠬᠡ ᠵᠡᠷᠭᠡ ᠬᠥᠮᠦᠰ ᠤᠨ ᠲᠤᠬᠠᠢ ᠲᠤᠰᠬᠠᠢ ᠲᠦᠷᠦ ᠶᠢᠨ ᠪᠤᠳᠤᠯᠭ᠎ᠠ ᠶᠢ | ᠰᠦᠪᠡᠭᠴᠢᠯᠡᠨ ᠰᠤᠷᠤᠯᠴᠠᠵᠤ᠂ ᠬᠠᠪᠰᠤᠷᠤᠨ ᠲᠡᠳᠬᠦᠬᠦ ᠲᠣᠭᠲᠠᠴᠠ ᠶᠢ ᠨᠠᠷᠢᠨ ᠬᠢᠨᠠᠮᠠᠭᠠᠢ ᠣᠶᠢᠯᠠᠭᠠᠪᠠ᠃ ᠰᠢᠷᠭᠠᠭᠤ | ᠬᠠᠲᠠᠭᠤᠵᠢᠯᠲᠠᠶ᠂ ᠯᠠᠪᠳᠠᠭᠤᠨ ᠪᠠᠲᠤᠲᠠᠶ᠂ ᠠᠵᠢᠯ ᠦᠢᠯᠡᠰ ᠢᠶᠠᠨ ᠳᠡᠭᠡᠳᠦᠯᠡᠬᠦ ᠠᠵᠢᠯ ᠤᠨ ᠣᠪᠣᠷ ᠢ ᠪᠠᠷᠢᠮᠲᠠᠯᠠᠨ᠂ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠰᠠᠷ᠎ᠠ ᠪᠦᠷᠢ ᠶᠢᠨ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢ ᠵᠢᠭᠰᠠᠭᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠡᠮᠬᠢᠯᠡᠵᠦ᠂ ᠰᠠᠶᠢᠲᠤᠷ | ᠲᠥᠯᠥᠪᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠵᠡᠷᠭᠡ ᠭᠤᠤᠯᠳᠠᠯᠭ᠎ᠠ ᠲᠠᠢ | ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠲᠣᠰᠬᠤᠨ ᠤ ᠱᠦᠵᠢ ᠶᠢ ᠳᠠᠭᠠᠵᠤ ᠭᠠᠴᠠᠭᠠᠨ ᠤ ᠠᠷᠠᠳ ᠤᠨ ᠬᠡᠷ | ᠪᠦᠯᠢ ᠶᠢᠨ ᠠᠮᠢᠳᠤᠷᠠᠯ ᠤᠨ ᠪᠠᠶᠢᠳᠠᠯ ᠵᠢᠴᠢ ᠣᠷᠣᠯᠭ᠎ᠠ ᠶᠢᠨ ᠢᠷᠡᠯᠲᠡ ᠵᠡᠷᠭᠡ ᠶᠢ ᠣᠶᠢᠯᠠᠭᠠᠵᠤ᠂ ᠬᠤᠶᠠᠷ ᠵᠥᠪᠯᠡᠯ ᠤᠨ | ᠤᠳᠤᠷᠢᠳᠬᠤ ᠪᠠᠭ ᠲᠠᠢ ᠬᠠᠮᠲᠤᠪᠠᠷ ᠭᠠᠴᠠᠭᠠᠨ ᠤ ᠠᠷᠠᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ | ᠯᠢᠦ ᠹᠠᠩ ᠤᠨ ᠨᠤᠲᠤᠭ ᠤᠨ ᠴᠢᠳᠠᠪᠤᠷᠢᠲᠠᠨ ᠠᠴᠠ ᠨᠠᠮ ᠤᠨ ᠭᠡᠰᠢᠭᠦᠨ ᠪᠣᠯᠤᠭᠰᠠᠨ ᠬᠤᠪᠢᠷᠠᠯᠲᠠ ᠪᠣᠯ | ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠬᠥᠮᠦᠵᠢᠭᠦᠯᠦᠭᠰᠡᠨ ᠦᠷ᠎ᠡ ᠪᠦᠲᠦᠭᠡᠯ ᠤᠨ ᠠᠮᠢᠳᠤᠯᠢᠭ | ᠢᠯᠡᠷᠡᠯ ᠪᠣᠯᠤᠨ᠎ᠠ᠃ ᠲᠡᠭᠦᠨ ᠤ ᠦᠯᠢᠭᠡᠷ ᠨᠢ ᠨᠡᠩ ᠤᠯᠠᠨ ᠨᠤᠲᠤᠭ ᠤᠨ ᠴᠢᠳᠠᠪᠤᠷᠢᠲᠠᠨ ᠢ ᠵᠣᠷᠢᠭᠵᠢᠭᠤᠯᠤᠨ ᠨᠤᠲᠤᠭ | ᠤᠰᠤᠨ ᠤ ᠪᠠᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠣᠯᠭᠠᠨ᠎ᠠ᠃ |