ᠨᠠᠮ ᠤᠨ ᠭᠡᠰᠢᠭᠦᠨ ᠪᠦᠦ ᠰᠢᠶᠣᠤ ᠸᠧᠶ ᠶᠢᠨ ᠨᠤᠲᠤᠭ ᠤᠨ ᠴᠢᠳᠠᠪᠤᠷᠢᠲᠠᠨ ᠠᠴᠠ ᠪᠠᠨ ︽ᠬᠤᠶᠠᠷ ᠵᠥᠪᠯᠡᠯ︾ ᠤᠨ ᠺᠠᠳ᠋ᠷ ᠪᠣᠯᠲᠠᠯᠠᠬᠢ ᠡᠷᠡᠯᠬᠡᠭᠯᠡᠨ ᠤᠷᠤᠭᠰᠢᠯᠠᠭᠰᠠᠨ ᠵᠠᠮ ᠮᠦᠷ
ᠨᠡᠶᠢᠲᠡᠯᠡᠭᠰᠡᠨ ᠴᠠᠭ᠄
2025/5/8
         ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠤᠷᠤᠰᠬᠠᠯ ᠳᠤᠮᠳᠠ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠭᠠᠴᠠᠭᠠᠨ ᠤ ᠠᠷᠠᠳ ᠪᠦᠦ ᠰᠢᠶᠤᠤ ᠸᠧᠢ ᠡᠩ ᠤᠨ ᠲᠠᠷᠢᠶᠠᠴᠢᠨ ᠨᠠᠮ ᠤᠨ ᠭᠡᠰᠢᠭᠦᠨ ᠠᠴᠠ ︽ᠬᠤᠶᠠᠷ ᠵᠥᠪᠯᠡᠯ︾ ᠤᠨ ᠰᠢᠯᠢᠳᠡᠭ ᠺᠠᠳ᠋ᠷ ᠪᠣᠯᠲᠠᠯᠠᠬᠢ ᠬᠤᠪᠢᠷᠠᠯᠲᠠ ᠶᠢ ᠪᠡᠶᠡᠯᠡᠭᠦᠯᠪᠡ᠃ ᠲᠡᠭᠦᠨ ᠤ ᠦᠰᠦᠨ ᠪᠤᠶᠢᠵᠢᠭᠰᠠᠨ ᠶᠠᠪᠤᠴᠠ ᠨᠢ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠤᠨ ᠬᠥᠳᠡᠭᠡ ᠲᠣᠰᠬᠤᠨ ᠤ ᠬᠥᠭᠵᠢᠯᠲᠡ ᠶᠢᠨ ᠭᠤᠣᠯ ᠬᠦᠴᠦᠨ ᠢ ᠬᠥᠮᠦᠵᠢᠭᠦᠯᠬᠦ ᠲᠠᠯ᠎ᠠ ᠪᠠᠷ ᠬᠢ ᠵᠠᠩᠭᠢᠯᠠᠭ᠎ᠠ ᠶᠢᠨ ᠦᠢᠯᠡᠳᠦᠯ ᠢ ᠠᠮᠢᠳᠤᠯᠢᠭ ᠢᠶᠠᠷ ᠢᠯᠡᠷᠡᠭᠦᠯᠵᠦ᠂ ᠪᠠᠶᠠᠨᠬᠠᠳᠠ ᠭᠠᠴᠠᠭᠠᠨ ᠤ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃        ᠨᠠᠮ ᠤᠨ ᠭᠡᠰᠢᠭᠦᠨ ᠤ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠣᠭ ᠰᠠᠨᠠᠭ᠎ᠠ ᠪᠠᠨ ᠪᠠᠲᠤ ᠰᠠᠬᠢᠵᠠᠢ        ᠪᠦᠦ ᠰᠢᠶᠣᠤ ᠸᠧᠶ 2012 ᠣᠨ ᠤ 11 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠭᠰᠠᠨ ᠠᠴᠠ ᠨᠠᠭᠠᠰᠢ᠂ ᠲᠡᠷᠡ ᠨᠠᠮ ᠤᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠡᠯ᠎ᠡ ᠲᠥᠷᠥᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠤᠰ ᠪᠡᠶ᠎ᠡ ᠶᠢᠨ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ ᠃ ᠭᠠᠴᠠᠭᠠᠨ ᠤ ᠡᠳᠦᠷ ᠲᠤᠲᠤᠮ ᠤᠨ ᠠᠵᠢᠯ ᠤᠨ ᠳᠤᠮᠳᠠ᠂ ᠲᠡᠷᠡ ᠠᠶᠢᠯ ᠲᠣᠰᠬᠤᠨ ᠤ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠬᠤ᠂ ᠬᠦᠴᠢᠷᠳᠡᠯᠲᠡᠶ ᠬᠡᠷ ᠪᠦᠯᠢ ᠶᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠬᠦ ᠳᠤ ᠲᠡᠷᠡ ᠴᠥᠮ ᠢᠳᠡᠪᠬᠢᠲᠡᠢ ᠣᠷᠤᠯᠴᠠᠳᠠᠭ᠃ ᠲᠡᠷᠡ ᠦᠷᠭᠦᠯᠵᠢ ᠭᠠᠴᠠᠭᠠᠨ ᠤ ᠠᠷᠠᠳ ᠲᠠᠢ ᠰᠠᠨᠠᠯ ᠢᠶᠠᠨ ᠰᠣᠯᠢᠯᠴᠠᠵᠤ᠂ ᠲᠡᠳᠡᠨ ᠤ ᠰᠡᠳᠬᠢᠯ ᠤᠨ ᠦᠭᠡ ᠶᠢ ᠰᠣᠨᠣᠰᠴᠤ᠂ ᠨᠠᠮ ᠤᠨ ᠲᠦᠷᠦ ᠶᠢᠨ ᠪᠤᠳᠤᠯᠭ᠎ᠠ ᠪᠣᠯᠤᠨ ᠬᠠᠶᠢᠷ᠎ᠠ ᠬᠠᠯᠠᠮᠵᠢ ᠶᠢ ᠨᠤᠲᠤᠭ ᠤᠨ ᠠᠬ᠎ᠠ ᠳᠡᠭᠦᠦ ᠨᠡᠷ ᠲᠤ ᠪᠠᠨ ᠳᠠᠮᠵᠢᠭᠤᠯᠳᠠᠭ᠃ ᠡᠳᠦᠷ ᠳᠤᠳᠤᠮ ᠤᠨ ᠵᠢᠵᠢᠭ ᠶᠠᠪᠤᠳᠠᠯ ᠳᠤ᠂ ᠪᠦᠦ ᠰᠢᠶᠤᠤ ᠸᠧᠢ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠭᠡᠰᠢᠭᠦᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠭᠠᠴᠠᠭᠠᠨ ᠤ ᠠᠷᠠᠳ ᠤᠨ ᠰᠡᠳᠬᠢᠯ ᠳᠤ ᠰᠠᠶᠢᠨ ᠰᠠᠶᠢᠬᠠᠨ ᠨᠠᠮ ᠤᠨ ᠭᠡᠰᠢᠭᠦᠨ ᠤ ᠲᠦᠷᠢ ᠲᠥᠷᠬᠦ ᠶᠢ ᠪᠤᠢ ᠪᠣᠯᠭᠠᠭᠰᠠᠨ ᠪᠥᠭᠡᠳ ᠥᠪᠡᠷ ᠤᠨ ᠢᠷᠡᠭᠡᠳᠦᠢ ᠶᠢᠨ ᠬᠥᠭᠵᠢᠯᠲᠡ ᠳᠤ ᠪᠠᠲᠤ ᠪᠠᠬᠢ ᠤᠯᠠᠨ ᠲᠦᠮᠡᠨ ᠤ ᠰᠠᠭᠤᠷᠢ ᠶᠢ ᠲᠠᠯᠪᠢᠵᠠᠢ᠃        ᠪᠣᠯᠪᠠᠰᠤᠷᠠᠯ ᠬᠥᠮᠦᠵᠢᠯ ᠳᠤ ᠳᠠᠪᠳᠠᠭᠲᠠᠵᠤ ᠨᠤᠲᠤᠭ ᠤᠨ ᠴᠢᠳᠠᠪᠤᠷᠢᠲᠠᠨ ᠪᠣᠯᠵᠠᠢ        2019 ᠣᠨ ᠳᠤ᠂ ᠪᠦᠦ ᠰᠢᠶᠣᠤ ᠸᠧᠶ ᠬᠥᠮᠦᠨ ᠤ ᠠᠮᠢᠳᠤᠷᠠᠯ ᠳᠠᠬᠢ ᠠᠵᠠ ᠵᠠᠪᠰᠢᠶᠠᠨ ᠢ ᠬᠦᠷᠲᠡᠵᠦ᠂ ᠠᠵᠠ ᠲᠠᠭᠠᠷᠠᠵᠤ ᠲᠡᠷᠡ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠲᠤ ᠰᠤᠷᠤᠯᠴᠠᠵᠠᠢ᠃ ᠬᠥᠮᠦᠵᠢᠭᠦᠯᠬᠦ ᠲᠥᠪ ᠲᠤ᠂ ᠲᠡᠷᠡ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠤᠯᠠᠨ ᠬᠦᠷᠢᠶᠡᠨ ᠤ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠲᠤᠰᠬᠠᠢ ᠮᠡᠷᠭᠡᠵᠢᠯ ᠤᠨ ᠬᠢᠴᠢᠶᠡᠯ ᠤᠨ ᠰᠤᠷᠤᠯᠴᠠᠯᠭ᠎ᠠ ᠪᠠᠷ ᠳᠠᠮᠵᠢᠨ᠂ ᠥᠪᠡᠷ ᠤᠨ ᠲᠠᠷᠢᠶᠠᠯᠠᠩ ᠤᠨ ᠮᠡᠷᠭᠡᠵᠢᠯ ᠤᠨ ᠲᠠᠯ᠎ᠠ ᠪᠠᠷ ᠬᠢ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠪᠡ᠃        ᠲᠠᠷᠢᠶᠠᠯᠠᠩ ᠤᠨ ᠮᠡᠷᠭᠡᠵᠢᠯ ᠢ ᠳᠡᠭᠡᠭᠰᠢᠯᠡᠭᠦᠯᠬᠦ ᠲᠠᠯ᠎ᠠ ᠪᠠᠷ᠂ ᠬᠥᠮᠦᠵᠢᠭᠦᠯᠬᠦ ᠲᠥᠪ ᠤᠨ ᠵᠣᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠲᠠᠶᠢᠯᠤᠮᠵᠢ ᠪᠠ ᠤᠶᠢᠯᠡᠳᠤᠯᠭᠡ ᠶᠢᠨ ᠵᠢᠯᠣᠭᠤᠳᠣᠯᠭ᠎ᠠ ᠪᠠᠷ ᠳᠠᠮᠵᠢᠨ ᠪᠦᠦ ᠰᠢᠶᠤᠤ ᠸᠧᠶ ᠥᠪᠡᠷ ᠤᠨ ᠲᠠᠷᠢᠮᠠᠯ ᠤᠨ ᠲᠠᠷᠢᠬᠤ ᠠᠷᠭ᠎ᠠ ᠪᠠᠨ ᠰᠢᠯᠢᠳᠡᠭᠵᠢᠭᠦᠯᠵᠦ᠂ ᠲᠠᠷᠢᠮᠠᠯ ᠤᠨ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠪᠡ᠃ ᠲᠡᠷᠡ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠴᠢᠶᠡᠯ ᠳᠤ ᠲᠡᠷᠢᠭᠦᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠰᠤᠷᠤᠯᠴᠠᠵᠤ᠂ ᠬᠤᠶᠢᠰᠢᠳᠠ ᠶᠢᠨ ᠭᠠᠴᠠᠭᠠᠨ ᠤ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠳᠤ ᠮᠡᠳᠡᠯᠭᠡ ᠬᠤᠷᠠᠮᠳᠤᠭᠤᠯᠪᠠ᠃ ᠡᠭᠦᠨ ᠤ ᠬᠠᠮᠲᠤ᠂ ᠬᠥᠮᠦᠵᠢᠭᠦᠯᠬᠦ ᠲᠥᠪ ᠤᠨ ᠵᠣᠬᠢᠶᠠᠨ ᠪᠠᠶᠢᠭᠤᠯᠤᠭᠰᠠᠨ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠠᠵᠢᠯᠯᠠᠭ᠎ᠠ ᠨᠢ ᠲᠡᠭᠦᠨ  ᠤ ᠬᠠᠷᠠᠭ᠎ᠠ ᠶᠢ ᠥᠷᠭᠡᠳᠬᠡᠵᠡᠶ᠃ ᠡᠨᠡ ᠬᠦ ᠶᠠᠪᠤᠴᠠ ᠳᠤ᠂ ᠵᠢᠯᠤᠭᠤᠳᠤᠬᠴᠢ ᠪᠠᠭᠰᠢ ᠨᠠᠷ ᠤᠨ ᠨᠠᠷᠢᠨ ᠨᠢᠮᠪᠠᠢ ᠵᠢᠭᠠᠨ ᠵᠢᠯᠣᠭᠤᠳᠤᠯᠭ᠎ᠠ ᠳᠣᠤᠷ᠎ᠠ ᠲᠡᠷᠡ ᠦᠨᠡᠭᠡᠷ ᠶᠡᠭᠡ ᠠᠰᠢᠭ ᠬᠦᠷᠲᠡᠵᠡᠢ᠃ ᠡᠨᠡ ᠬᠦ ᠬᠤᠭᠤᠴᠠᠭᠠᠨ ᠳᠤ ᠪᠦᠦ ᠰᠢᠶᠣᠤ ᠸᠧᠶ ᠬᠠᠳᠤᠵᠤ ᠬᠤᠷᠢᠶᠠᠬᠤ ᠮᠠᠰᠢᠨ ᠵᠡᠷᠭᠡ ᠲᠠᠷᠢᠶᠠᠯᠠᠩ ᠳᠤ ᠬᠡᠷᠡᠭᠯᠡᠬᠦ ᠲᠣᠮᠣ ᠬᠡᠯᠪᠡᠷᠢ ᠶᠢᠨ ᠮᠠᠰᠢᠨ ᠬᠤᠳᠠᠯᠳᠤᠨ ᠠᠪᠤᠪᠠ᠃ ᠲᠡᠷᠡ ᠬᠥᠮᠦᠵᠢᠭᠦᠯᠬᠦ ᠲᠥᠪ ᠲᠤ ᠰᠣᠷᠣᠭᠰᠠᠨ ᠬᠠᠮᠢᠶᠠᠷᠤᠯᠲᠠ ᠶᠢᠨ ᠮᠡᠳᠡᠯᠭᠡ ᠪᠣᠯᠤᠨ ᠵᠠᠬ᠎ᠠ ᠳᠡᠯᠭᠡᠭᠦᠷ ᠢ ᠥᠷᠭᠡᠳᠬᠡᠬᠦ ᠴᠢᠳᠠᠪᠤᠷᠢ ᠳᠤ ᠲᠦᠰᠢᠭᠯᠡᠵᠦ᠂ ᠭᠠᠴᠠᠭ᠎ᠠ ᠲᠣᠰᠬᠤᠨ ᠤ ᠠᠷᠠᠳ ᠲᠤ ᠥᠨᠳᠥᠷ ᠪᠦᠲᠦᠮᠵᠢᠲᠡᠢ ᠠᠮᠤ ᠪᠤᠳᠠᠭ᠎ᠠ ᠬᠤᠷᠢᠶᠠᠬᠤ ᠵᠡᠷᠭᠡ ᠦᠢᠯᠡᠴᠢᠯᠡᠭᠡ ᠬᠠᠩᠭᠠᠪᠠ᠃ ᠴᠢᠨᠠᠷ ᠰᠠᠶᠢᠲᠠᠶ ᠦᠢᠯᠡᠴᠢᠯᠡᠭᠡ ᠪᠠ ᠵᠦᠶ ᠵᠣᠬᠢᠰᠲᠠᠶ ᠦᠨ᠎ᠡ ᠬᠠᠩᠰᠢ ᠨᠢ ᠭᠠᠴᠠᠭᠠᠨ ᠤ ᠠᠷᠠᠳ ᠤᠨ ᠰᠠᠶᠢᠨ ᠦᠨᠡᠯᠡᠯᠲᠡ ᠶᠢ ᠣᠯᠵᠤ᠂ ᠵᠢᠯ ᠤᠨ ᠴᠡᠪᠡᠷ ᠣᠷᠣᠯᠭ᠎ᠠ 30 ᠲᠦᠮᠡᠨ ᠲᠥᠭᠦᠷᠢᠭ ᠲᠤ ᠬᠦᠷᠪᠡ᠃ ᠡᠨᠡ ᠨᠢ ᠬᠤᠪᠢ ᠬᠥᠮᠦᠨ ᠤ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠭᠠᠴᠠᠭᠠᠨ ᠤ ᠠᠷᠠᠳ ᠤᠨ ᠲᠠᠷᠢᠶᠠᠯᠠᠩ ᠦᠢᠯᠡᠳᠪᠦᠷᠢᠯᠡᠯ ᠤᠨ ᠳᠤᠮᠳᠠᠬᠢ ᠪᠣᠳᠠᠲᠠᠶ ᠬᠦᠴᠢᠷᠳᠡᠯ ᠢ ᠰᠢᠢᠳᠪᠦᠷᠢᠯᠡᠵᠦ᠂ ᠭᠠᠴᠠᠭᠠᠨ ᠤ ᠠᠵᠢᠯᠴᠢ ᠬᠥᠳᠡᠯᠮᠦᠷᠢᠴᠢ ᠪᠠᠷ ᠪᠠᠶᠠᠵᠢᠭᠰᠠᠨ ᠥᠯᠢᠭᠡᠷ ᠵᠢᠱᠢᠶ᠎ᠡ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠬᠥᠮᠦᠵᠢᠭᠦᠯᠬᠦ ᠲᠥᠪ ᠤᠨ ᠣᠷᠳᠣ ᠬᠤᠭᠤᠴᠠᠭᠠᠨ ᠤ ᠪᠣᠯᠪᠠᠰᠤᠷᠠᠯ ᠵᠢᠯᠣᠭᠤᠳᠣᠯᠭ᠎ᠠ ᠳᠣᠤᠷ᠎ᠠ᠂ ᠪᠦᠦ ᠰᠢᠶᠤᠤ ᠸᠧᠶ ᠠᠭᠠᠵᠢᠮ ᠢᠶᠠᠷ ᠦᠢᠯᠡᠰ ᠪᠣᠰᠬᠠᠬᠤ ᠬᠦᠰᠡᠯ ᠡᠷᠡᠮᠡᠯᠵᠡᠯ ᠲᠠᠢ ᠪᠣᠯᠵᠤ᠂ ᠨᠤᠲᠤᠭ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠦᠢᠯᠡᠳᠦᠯᠭᠡ ᠶᠢᠨ ᠰᠠᠭᠤᠷᠢᠨ ᠭᠠᠵᠠᠷ - ᠰᠢᠶᠠᠩ ᠸᠧᠢ ᠵᠢᠢ ᠠᠮᠲᠠᠲᠤ ᠢᠳᠡᠭᠡᠨ ᠤ ᠵᠡᠭᠡᠯᠢ ᠳᠤ ᠰᠢᠨ ᠶᠤᠸᠠᠨ ᠭᠤᠯᠢᠷ ᠢᠳᠡᠭᠡᠨ ᠤ ᠬᠤᠭᠤᠯᠠᠨ ᠬᠡᠷ ᠨᠡᠭᠡᠭᠡᠵᠦ᠂ ᠬᠡᠳᠦ᠋ᠢᠪᠡᠷ ᠬᠤᠭᠤᠯᠠᠨ ᠭᠡᠷ ᠤᠨ ᠲᠠᠯᠠᠪᠠᠶ ᠨᠢ ᠲᠡᠶᠢᠮᠦ ᠶᠡᠭᠡ ᠪᠢᠰᠢ ᠪᠣᠯᠪᠠᠴᠤ ᠡᠳᠦᠷ ᠪᠦᠷᠢ ᠠᠷᠠᠯᠵᠢᠶ᠎ᠠ ᠮᠠᠶᠢᠮᠠᠢ ᠬᠥᠭᠵᠢᠶᠡᠨ ᠲᠠᠢ ᠪᠠᠶᠢᠵᠤ᠂ ᠰᠠᠷ᠎ᠠ ᠪᠦᠷᠢ ᠶᠢᠨ ᠡᠵᠡᠩᠨᠡᠯᠲᠡ ᠶᠢᠨ ᠨᠣᠷᠮ᠎ᠠ ᠨᠢ 2 ᠲᠦᠮᠡᠨ ᠲᠥᠭᠦᠷᠢᠭ ᠲᠤ ᠬᠦᠷᠴᠡᠶ᠃        ᠭᠠᠴᠠᠭᠠᠨ ᠤ  ︽ᠬᠤᠶᠠᠷ ᠵᠥᠪᠯᠡᠯ︾ ᠳᠤ ᠲᠤᠰᠢᠶᠠᠯ ᠡᠭᠦᠷᠭᠡᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠪᠠ        2022 ᠣᠨ ᠤ 6 ᠰᠠᠷ᠎ᠠ ᠳᠤ᠂ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠲᠤ ᠬᠤᠷᠠᠮᠳᠤᠭᠤᠯᠤᠭᠰᠠᠨ ᠴᠢᠳᠠᠪᠤᠷᠢ ᠪᠣᠯᠤᠨ ᠭᠠᠴᠠᠭᠠᠨ ᠤ ᠠᠷᠠᠳ ᠤᠨ ᠳᠤᠮᠳᠠᠬᠢ ᠰᠠᠶᠢᠨ ᠰᠠᠶᠢᠬᠠᠨ ᠮᠠᠭᠲᠠᠭᠠᠯ ᠰᠠᠶᠢᠰᠢᠶᠠᠯ ᠢᠶᠠᠷ ᠢᠶᠠᠨ ᠪᠦᠦ ᠰᠢᠶᠤᠤ ᠸᠧᠢ ᠪᠠᠶᠠᠨᠬᠠᠳᠠ ᠭᠠᠴᠠᠭ᠎ᠠ ᠶᠢᠨ ︽ᠬᠤᠶᠠᠷ ᠵᠥᠪᠯᠡᠯ︾ ᠤᠨ ᠺᠠᠳ᠋ᠷ ᠢᠶᠠᠷ ᠠᠮᠵᠢᠯᠲᠠ ᠲᠠᠢ ᠰᠣᠩᠭᠤᠭᠳᠠᠪᠠ᠃ ᠲᠤᠰᠢᠶᠠᠯ ᠳᠤ ᠭᠠᠷᠤᠭᠰᠠᠨ ᠤ ᠳᠠᠷᠠᠭ᠎ᠠ᠂ ᠲᠡᠷᠡ ᠪᠠᠷ ᠮᠠᠰᠢ ᠲᠦᠷᠭᠡᠨ ᠢᠶᠠᠷ ᠠᠶᠢᠯ ᠲᠣᠰᠬᠤᠨ ᠤ ᠬᠥᠭᠵᠢᠯᠲᠡ ᠶᠢ ᠰᠦᠪᠡᠭᠴᠢᠯᠡᠬᠦ ᠠᠵᠢᠯ ᠳᠤ ᠣᠷᠣᠯᠴᠠᠪᠠ᠃        ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠲᠡᠷᠡ ᠬᠥᠮᠦᠵᠢᠭᠦᠯᠬᠦ ᠲᠥᠪ ᠲᠤ ᠰᠣᠷᠣᠭᠰᠠᠨ ᠲᠡᠷᠢᠭᠦᠨ ᠤ ᠮᠡᠳᠡᠯᠭᠡ ᠶᠢ ᠭᠦᠢᠴᠡᠳ ᠠᠰᠢᠭᠯᠠᠵᠤ᠂ ᠭᠠᠴᠠᠭᠠᠨ ᠤ ᠠᠷᠠᠳ ᠢ ᠢᠳᠡᠪᠬᠢᠲᠡᠢ ᠬᠦᠳᠦᠯᠦᠨ ᠵᠢᠯᠣᠭᠤᠳᠴᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ 70 ᠡᠷᠦᠬᠡ ᠭᠠᠴᠠᠭᠠᠨ ᠤ ᠠᠷᠠᠳ ᠢ ᠲᠠᠶᠢᠴᠢᠯᠠᠨ 30 ᠮᠤ᠋ ᠲᠠᠷᠪᠤᠰ ᠲᠠᠷᠢᠭᠤᠯᠵᠤ᠂ ᠮᠦ ᠪᠦᠷᠢ ᠠᠴᠠ 6000 ᠵᠢᠩ ᠲᠠᠷᠪᠤᠰ ᠬᠤᠷᠢᠶᠠᠵᠤ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 4000 ᠲᠥᠭᠦᠷᠢᠭ ᠨᠡᠮᠡᠭᠳᠡᠭᠦᠯᠪᠡ᠃ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠡᠷᠡ ᠭᠠᠴᠠᠭᠠᠨ ᠤ ᠳᠣᠲᠣᠷᠠᠬᠢ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠪᠠᠯᠭᠠᠰᠤᠨ ᠳᠤ ᠪᠠᠶᠢᠳᠠᠯ ᠢᠶᠠᠨ ᠲᠤᠰᠬᠠᠵᠤ᠂ ᠲᠥᠷᠥᠯ ᠵᠦᠢᠯ ᠢ ᠴᠢᠷᠮᠠᠶᠢᠨ ᠣᠯᠵᠤ᠂ ᠪᠠᠶᠠᠨᠬᠠᠳᠠ ᠭᠠᠴᠠᠭᠠᠨ ᠤ ᠰᠢᠨ᠎ᠡ ᠪᠠᠷ ᠪᠠᠶᠢᠭᠤᠯᠬᠤ ᠬᠥᠭᠦᠷᠭᠡ ᠶᠢᠨ ᠲᠥᠷᠥᠯ ᠵᠦᠢᠯ ᠢ ᠠᠮᠵᠢᠯᠲᠠ ᠲᠠᠢ ᠬᠡᠷᠡᠭᠵᠢᠭᠦᠯᠵᠦ᠂ ᠭᠠᠴᠠᠭᠠᠨ ᠤ ᠠᠷᠠᠳ ᠤᠨ ᠶᠠᠪᠤᠵᠤ ᠰᠠᠭᠤᠬᠤ ᠳᠤ ᠬᠦᠴᠢᠷ᠂ ᠲᠠᠷᠢᠶ᠎ᠠ ᠲᠠᠷᠢᠬᠤ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠪᠡ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ᠂ ᠪᠦᠦ ᠰᠢᠶᠤᠤ ᠸᠧᠶ ᠭᠠᠴᠠᠭᠠᠨ ᠤ ᠲᠦᠷᠢᠮ ᠠᠷᠠᠳ ᠤᠨ ᠭᠡᠷ᠎ᠡ ᠲᠣᠭᠲᠠᠭᠠᠬᠤ ᠪᠠ ᠲᠡᠭᠦᠯᠳᠡᠷᠵᠢᠭᠦᠯᠬᠦ ᠳᠤ ᠢᠳᠡᠪᠬᠢᠲᠡᠶ ᠣᠷᠣᠯᠴᠠᠵᠤ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠭᠠᠴᠠᠭᠠᠨ ᠤ ᠠᠷᠠᠳ ᠢ ᠬᠥᠲᠥᠯᠦᠨ ᠵᠢᠯᠣᠭᠤᠳᠴᠤ ᠵᠥᠪ ᠥᠷᠲᠡᠭ ᠤᠨ ᠦᠵᠡᠯᠲᠡ ᠪᠠ ᠦᠢᠯᠡ ᠠᠵᠢᠯᠯᠠᠭᠠᠨ ᠤ ᠵᠢᠷᠤᠮᠵᠢᠯ ᠢ ᠪᠣᠶ ᠪᠣᠯᠭᠠᠪᠠ᠃ ᠦᠷᠭᠦᠯᠵᠢ ᠪᠡᠶ᠎ᠡ ᠪᠠᠷ ᠢᠶᠠᠨ ᠭᠠᠴᠠᠭᠠᠨ ᠤ ᠠᠷᠠᠳ ᠢ ᠳᠠᠭᠠᠭᠤᠯᠤᠨ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠵᠡᠭᠡᠯᠢ ᠭᠤᠳᠤᠮᠵᠢ ᠶᠢᠨ ᠵᠢᠵᠢᠭ ᠭᠤᠳᠤᠮᠵᠢ᠂ ᠭᠤᠤᠯ ᠤᠨ ᠭᠤᠯᠳᠤᠷᠢᠯ ᠤᠨ ᠬᠤᠭ ᠨᠣᠪᠰᠢ ᠶᠢ ᠴᠡᠪᠡᠷᠯᠡᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠢᠯᠡᠳᠲᠡ ᠪᠣᠯᠵᠣ᠂ ᠤᠷᠢᠳ ᠬᠤᠵᠢᠳ ᠲᠠᠪᠢᠨ ᠥᠷᠲᠡᠭᠡ ᠪᠠᠯᠭᠠᠰᠤ᠂ ᠤᠯᠠᠭᠠᠨᠬᠠᠳᠠ ᠪᠠᠯᠭᠠᠰᠤ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠢᠷᠡᠵᠦ ᠰᠤᠷᠤᠯᠴᠠᠪᠠ᠃ ᠲᠡᠷᠡ ᠭᠠᠴᠠᠭᠠᠨ ᠤ ᠠᠷᠠᠳ ᠤᠨ ᠰᠠᠨᠠᠯ ᠪᠣᠯᠤᠨ ᠬᠦᠰᠡᠯ ᠱᠠᠭᠠᠷᠳᠠᠯᠭ᠎ᠠ ᠶᠢ ᠴᠢᠬᠤᠯᠠᠴᠢᠯᠠᠵᠤ᠂ ᠭᠠᠴᠠᠭᠠᠨ ᠤ ᠠᠷᠠᠳ ᠤᠨ ᠲᠤᠰᠬᠠᠭᠰᠠᠨ ᠡᠯ᠎ᠡ ᠲᠥᠷᠥᠯ ᠤᠨ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠡᠶ᠎ᠡ ᠵᠣᠬᠢᠴᠠᠩᠭᠤᠶ ᠲᠣᠭᠲᠠᠭᠤᠨ ᠬᠥᠳᠡᠭᠡ ᠲᠣᠰᠬᠤᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠪᠠ᠃ ᠲᠡᠷᠡ ᠪᠠᠰᠠ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠭᠠᠴᠠᠭᠠᠨ ᠤ ᠠᠷᠠᠳ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃        ᠡᠭᠦᠨ ᠠᠴᠠ ᠭᠠᠳᠠᠨ᠎ᠠ᠂ ᠪᠦᠦ ᠰᠢᠶᠣᠤ ᠸᠧᠶ ᠴᠢᠳᠠᠪᠤᠷᠢᠲᠠᠨ ᠤ ᠬᠥᠳᠡᠭᠡ ᠲᠣᠰᠬᠤᠨ ᠤ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠶ ᠣᠶᠢᠯᠠᠭᠠᠪᠠ᠃ ᠲᠡᠷᠡ ᠭᠠᠴᠠᠭᠠᠨ ᠤ ᠵᠠᠯᠠᠭᠤᠴᠤᠳ ᠢ ᠨᠤᠲᠤᠭ ᠤᠨ ᠴᠢᠳᠠᠪᠤᠷᠢᠲᠠᠨ ᠢ ᠬᠥᠮᠦᠵᠢᠭᠦᠯᠬᠦ ᠲᠥᠪ ᠲᠤ ᠰᠤᠷᠤᠯᠴᠠᠬᠤ ᠶᠢ ᠵᠣᠷᠢᠭᠵᠢᠭᠤᠯᠤᠨ᠂ ᠥᠪᠡᠷ ᠤᠨ ᠦᠰᠦᠨ ᠪᠤᠶᠢᠵᠢᠭᠰᠠᠨ ᠲᠤᠷᠰᠢᠯᠭ᠎ᠠ ᠪᠠᠨ ᠬᠤᠪᠢᠶᠠᠯᠴᠠᠬᠤ ᠶᠢᠨ ᠬᠠᠮᠲᠤ ᠲᠡᠳᠡᠨ ᠤ ᠠᠵᠤ ᠦᠢᠯᠡᠰ ᠤᠨ ᠲᠦᠷᠦᠯ ᠵᠦᠢᠯ ᠪᠣᠯᠤᠨ ᠭᠠᠴᠠᠭᠠᠨ ᠤ ᠶᠠᠪᠤᠳᠠᠯ ᠤᠨ ᠠᠵᠢᠯ ᠳᠤ ᠣᠷᠣᠯᠴᠠᠬᠤ ᠦᠢᠯᠡᠳᠦᠯᠭᠡ ᠶᠢᠨ ᠠᠵᠠ ᠲᠣᠬᠢᠶᠠᠯ ᠬᠠᠩᠭᠠᠪᠠ᠃ ᠲᠡᠭᠦᠨ ᠤ ᠳᠠᠭᠠᠭᠤᠯᠭ᠎ᠠ ᠳᠣᠣᠷ᠎ᠠ᠂ ᠨᠡᠩ ᠤᠯᠠᠨ ᠵᠠᠯᠠᠭᠤᠴᠤᠳ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠣᠷᠣᠯᠴᠠᠵᠤ᠂ ᠪᠠᠶᠠᠨᠬᠠᠳᠠ ᠭᠠᠴᠠᠭ᠎ᠠ ᠳᠤ ᠰᠠᠶᠢᠨ ᠰᠠᠶᠢᠬᠠᠨ ᠴᠢᠳᠠᠪᠤᠷᠢᠲᠠᠨ ᠤ ᠬᠥᠭᠵᠢᠯᠲᠡ ᠶᠢᠨ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠡ ᠦᠭᠡᠢ ᠠᠮᠢᠵᠢᠷᠠᠯ ᠤᠨ ᠬᠦᠴᠦᠨ ᠨᠡᠮᠡᠷᠢᠯᠡᠪᠡ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号