ᠮᠧᠩ ᠴᠢᠣᠸᠠᠢ ᠲᠡᠵᠢᠭᠡᠨ ᠦᠷᠡᠵᠢᠬᠦᠯᠬᠦ ᠲᠤᠰᠬᠠᠢ ᠬᠤᠷᠰᠢᠶ᠎ᠠ ᠵᠡᠮᠳᠡᠭᠴᠤᠳ ᠤᠨ ᠠᠵᠢᠯ ᠤᠯᠭᠤᠯᠳᠠ ᠶᠢ ᠬᠦᠴᠤᠯᠠᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2025/5/8
        ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠬᠦᠴᠢᠷ ᠠᠰᠠᠭᠤᠳᠠᠯ ᠢ ᠰᠶᠢᠳᠪᠦᠷᠢᠯᠡᠬᠦ ᠪᠠᠷ ᠣᠢᠢᠷ᠎ᠠ ᠶᠢᠨ ᠵᠢᠯ ᠳᠤ᠂ ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠰᠤᠯᠤᠩᠭ᠎ᠠ ᠠᠵᠢᠯ ᠣᠯᠭᠤᠬᠤ ᠦᠢᠯᠡᠴᠢᠯᠡᠭᠡᠨ ᠤ ᠲᠥᠷᠥᠯ ᠵᠦᠢᠯ ᠳᠤ ᠲᠦᠰᠢᠭᠯᠡᠨ᠂ ᠲᠣᠭᠤᠰ ᠤᠨ ᠥᠳᠥᠨ ᠤ ᠭᠠᠷ ᠤᠷᠠᠯᠠᠯ ᠤᠨ ᠪᠦᠲᠦᠭᠡᠭᠳᠡᠬᠦᠨ ᠢ ᠰᠦᠢᠳᠬᠡᠯ ᠬᠤᠷᠢᠶᠠᠬᠤ ᠥᠬᠡᠶ ᠪᠠᠷ ᠪᠣᠯᠪᠠᠰᠤᠷᠠᠯ ᠬᠦᠷᠳᠡᠭᠡᠬᠦ ᠪᠠᠷ ᠳᠠᠮᠵᠢᠨ᠂ ᠵᠡᠮᠳᠡᠭᠴᠦᠳ ᠤᠨ ᠠᠵᠢᠯ ᠤᠯᠬᠤ ᠬᠦᠰᠡᠯ ᠢ ᠨᠢ ᠪᠡᠶᠡᠯᠡᠭᠦᠯᠵᠦ᠂ ᠣᠷᠣᠯᠭ᠎ᠠ ᠶᠢ ᠨᠢ ᠲᠣᠭᠲᠠᠪᠤᠷᠢᠵᠢᠭᠤᠯᠤᠨ᠂ ᠵᠣᠯ ᠵᠢᠷᠭᠠᠯᠲᠤ ᠠᠮᠢᠳᠤᠷᠠᠯ ᠢᠶᠠᠨ ᠴᠤᠭᠴᠠᠯᠠᠬᠤ ᠶᠢ ᠳᠡᠳᠭᠦᠨ ᠳᠡᠮᠵᠢᠵᠤ ᠪᠠᠶᠢᠨ᠎ᠠ᠃        ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠦᠢᠯᠡᠳᠬᠡᠯ ᠤᠨ ᠭᠠᠵᠠᠷ ᠲᠤ ᠬᠦᠷᠬᠦ ᠳᠤ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠵᠧᠤ ᠬᠠᠶ ᠨᠠᠨ ᠲᠣᠭᠤᠰ ᠤᠨ ᠥᠳᠥᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠠᠷᠭ᠎ᠠ ᠶᠢ ᠨᠠᠷᠢᠨ ᠲᠠᠶᠢᠯᠪᠤᠷᠢᠯᠠᠵᠤ ᠪᠠᠶᠢᠯ᠎ᠠ᠃ ᠲᠤᠭᠤᠰ ᠤᠨ ᠦᠳᠤ ᠶᠢ ᠵᠡᠮᠳᠡᠭᠴᠤᠳ ᠨᠠᠷᠢᠨ ᠬᠢᠨᠠᠮᠠᠭᠠᠢ ᠦᠢᠯᠡᠳᠬᠦ ᠪᠠᠷ ᠲᠠᠮᠵᠢᠨ ᠭᠤᠴᠤ ᠰᠠᠶᠢᠬᠠᠨ ᠬᠡᠯᠪᠡᠷᠢ ᠲᠠᠢ ᠵᠠᠰᠠᠯ ᠴᠢᠮᠡᠭᠯᠡᠯ ᠤᠨ ᠡᠳ᠋ ᠪᠤᠯᠭᠠᠯ᠎ᠠ᠃        ︽ᠦᠢᠯᠡᠳᠬᠡᠯ ᠤᠨ ᠭᠠᠵᠠᠷ ᠲᠤ ᠢᠷᠡᠭᠰᠡᠨ ᠤ ᠳᠠᠷᠠᠭ᠎ᠠ᠂ ᠪᠢ ᠲᠣᠭᠤᠰ ᠤᠨ ᠥᠳᠥᠨ ᠤ ᠭᠠᠷ ᠤᠷᠠᠯᠠᠯ ᠤᠨ ᠪᠦᠲᠦᠭᠡᠭᠳᠡᠬᠦᠨ ᠬᠢᠬᠦ ᠮᠡᠷᠭᠡᠵᠢᠯ ᠢ ᠰᠤᠷᠴᠤ ᠡᠵᠡᠮᠰᠢᠭᠰᠡᠨ ᠢᠶᠠᠷ ᠪᠠᠷᠠᠬᠤ ᠥᠬᠡᠶ ᠮᠠᠰᠢ ᠣᠯᠠᠨ ᠨᠠᠶᠢᠵᠠ ᠲᠠᠢ ᠲᠠᠨᠢᠯᠴᠠᠭᠰᠠᠨ ᠪᠠᠶᠢᠨ᠎ᠠ᠃ ᠣᠯᠠᠨ ᠢᠶᠠᠷ ᠢᠶᠠᠨ ᠬᠠᠷᠢᠯᠴᠠᠨ ᠵᠣᠷᠢᠭᠵᠢᠭᠤᠯᠤᠨ᠂ ᠬᠠᠮᠲᠤ ᠪᠠᠷ ᠳᠠᠪᠰᠢᠵᠤ᠂ ᠣᠳᠣ ᠪᠢ ᠥᠪᠡᠷ ᠤᠨ ᠪᠡᠶ᠎ᠡ ᠪᠠᠨ ᠲᠦᠰᠢᠭᠯᠡᠨ ᠤᠷᠤᠯᠭ᠎ᠠ ᠡᠬᠦᠳᠴᠤ᠂ ᠭᠡᠷ ᠪᠦᠯᠢ ᠶᠢᠨ ᠬᠠᠷᠢᠭᠤᠴᠠᠯᠭ᠎ᠠ ᠪᠠᠨ ᠡᠭᠦᠷᠭᠡᠯᠡᠵᠦ ᠲᠡᠶᠢᠯᠬᠦ ᠪᠤᠯᠵᠠᠢ︾ ᠭᠡᠵᠦ ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠠᠵᠢᠯᠲᠠᠨ ᠯᠢᠦ ᠵᠠᠨ ᠶᠦᠩ ᠪᠠᠶᠠᠷᠳᠠᠢ ᠶᠠᠷᠢᠨ᠎ᠠ᠃        ᠡᠭᠦᠨ ᠤ ᠬᠠᠮᠲᠤ᠂ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠪᠠᠷ ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠠᠴᠠ ᠰᠦᠯᠵᠢᠶᠡᠨ ᠲᠡᠭᠡᠷ᠎ᠠ ᠪᠠ ᠪᠤᠳᠠᠳᠤ ᠴᠤᠭᠴᠠ ᠳᠤ ᠪᠤᠷᠤᠯᠠᠭᠤᠯᠬᠤ ᠠᠷᠭ᠎ᠠ ᠵᠠᠮ ᠢ ᠢᠳᠡᠪᠬᠢᠲᠡᠢ ᠡᠭᠦᠳᠴᠡᠢ᠃ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠭᠠᠷ ᠤᠷᠠᠯᠠᠯ ᠤᠨ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠪᠤᠷᠤᠯᠠᠭᠤᠯᠪᠠ︔ ᠪᠤᠳᠠᠳᠤ ᠴᠤᠭᠴᠠ ᠳᠤ ᠦᠵᠡᠮᠵᠢ ᠶᠢᠨ ᠣᠷᠣᠨ᠂ ᠪᠡᠯᠡᠭ ᠤᠨ ᠳᠡᠯᠭᠡᠭᠦᠷ ᠲᠠᠢ ᠬᠠᠮᠲᠤᠷᠠᠯᠴᠠᠵᠤ᠂ ᠦᠢᠯᠡᠳᠬᠦᠨ ᠤ ᠤᠯᠠᠨ ᠳᠤ ᠮᠡᠳᠡᠭᠳᠡᠬᠦ ᠬᠡᠮᠵᠢᠶ᠎ᠡ ᠶᠢ ᠳᠡᠭᠡᠭᠰᠢᠯᠡᠭᠦᠯᠪᠡ᠃ ᠨᠠᠷᠢᠯᠢᠭ ᠰᠠᠶᠢᠬᠠᠨ ᠲᠣᠭᠤᠰ ᠤᠨ ᠥᠳᠥᠨ ᠤ ᠭᠠᠷ ᠤᠷᠠᠯᠠᠯ ᠤᠨ ᠪᠦᠲᠦᠭᠡᠭᠳᠡᠬᠦᠨ ᠨᠢ ᠵᠠᠬ᠎ᠠ ᠳᠡᠯᠭᠡᠭᠦᠷ ᠤᠨ ᠬᠦᠷᠢᠶᠡᠯᠡᠯ ᠢ ᠶᠡᠬᠡᠳᠡ ᠣᠯᠵᠤ᠂ ᠨᠠᠷᠠᠲᠤ ᠲᠡᠮᠳᠡᠭᠲᠦ ᠶᠢᠨ ᠠᠯᠳᠠᠷᠰᠢᠯ ᠢ ᠲᠡᠭᠡᠭᠰᠢᠯᠡᠬᠦᠯᠥᠭᠰᠡᠨ ᠢᠶᠠᠷ ᠪᠠᠷᠠᠬᠤ ᠥᠬᠡᠶ ᠨᠠᠩ ᠴᠤ ᠵᠡᠮᠳᠡᠭᠴᠦᠳ ᠢ ᠲᠣᠭᠲᠠᠭᠤᠨ ᠣᠷᠣᠯᠭ᠎ᠠ ᠲᠠᠢ ᠪᠤᠯᠭᠠᠭᠰᠠᠨ ᠪᠠᠶᠢᠨ᠎ᠠ᠃        ︽ᠪᠢᠳᠡ ᠵᠡᠮᠳᠡᠭᠴᠦᠳ ᠤᠨ ᠦᠢᠯᠡᠳᠬᠡᠯ ᠤᠨ ᠭᠠᠵᠠᠷ ᠢ ᠪᠠᠶᠢᠭᠤᠯᠤᠭᠰᠠᠨ ᠨᠢ ᠵᠡᠮᠳᠡᠭᠴᠦᠳ ᠲᠤ ᠪᠤᠳᠠᠳᠤ ᠶᠠᠪᠤᠳᠠᠯ ᠬᠢᠵᠤ ᠦᠭᠬᠦ ᠭᠡᠰᠡᠨ ᠶᠤᠮ᠃ ᠮᠠᠰᠢ ᠣᠯᠠᠨ ᠰᠤᠷᠤᠯᠴᠠᠭᠴᠢ ᠲᠤᠭᠤᠰ ᠤᠨ ᠦᠳᠤ ᠶᠢᠨ ᠤᠷᠠᠯᠢᠭ ᠢ ᠥᠴᠦᠬᠡᠨ ᠴᠦ ᠣᠢᠢᠯᠠᠭᠠᠬᠤ ᠥᠬᠡᠶ ᠪᠠᠶᠢᠵᠤ᠂ ᠤᠢᠢᠯᠡᠳᠪᠦᠷᠢ ᠶᠢᠨ ᠤᠢᠢᠯᠡᠳᠬᠡᠯ ᠤᠨ ᠨᠠᠷᠢᠨ ᠨᠢᠮᠪᠠᠶ ᠵᠢᠭᠠᠨ ᠵᠢᠯᠤᠭᠤᠳᠤᠯᠭ᠎ᠠ ᠲᠤᠤᠷ᠎ᠠ᠂ ᠣᠲᠣ ᠨᠢᠭᠡᠨᠲᠡ ᠨᠠᠷᠢᠯᠢᠭ ᠰᠠᠶᠢᠬᠠᠨ ᠲᠤᠭᠤᠰ ᠤᠨ ᠥᠲᠥᠨ ᠤ ᠭᠠᠷ ᠤᠷᠠᠯᠠᠯ ᠤᠨ ᠪᠦᠲᠦᠭᠡᠭᠳᠡᠬᠦᠨ ᠢ ᠪᠣᠯᠪᠠᠰᠤᠷᠠᠩᠭᠤᠶ ᠤᠢᠢᠯᠡᠳᠬᠦ ᠪᠤᠯᠵᠠᠢ᠃ ᠦᠢᠯᠡᠳᠬᠡᠯ ᠤᠨ ᠭᠠᠵᠠᠷ ᠨᠢ 680 ᠬᠥᠮᠦᠨ ︵ᠤᠳᠠᠭ᠎ᠠ︶ ᠳᠤ ᠪᠤᠯᠪᠠᠰᠤᠷᠠᠯ ᠬᠦᠷᠳᠡᠭᠡᠵᠤ᠂ 30 ᠭᠠᠷᠤᠶ ᠵᠡᠮᠳᠡᠭᠴᠦᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠬᠦᠯᠪᠠ︾ ᠭᠡᠵᠤ ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠵᠧᠦ ᠬᠠᠢ ᠨᠠᠨ ᠶᠠᠷᠢᠨ᠎ᠠ᠃                ᠭᠤᠤ ᠵᠢᠩ ᠸᠠᠩ ᠫᠢᠩ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号