ᠰᠦᠬᠡ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠯ ᠢ ᠰᠢᠯᠵᠢᠭᠦᠯᠦᠨ ᠰᠢᠢᠳᠪᠦᠷᠢᠯᠡᠭᠰᠡᠨ ᠬᠡᠷᠡᠭ ᠢ ᠰᠢᠢᠳᠪᠦᠷᠢᠯᠡᠬᠦ ᠶᠢ ᠲᠤᠬᠢᠷᠠᠭᠤᠯᠤᠨ ᠠᠬᠢᠭᠤᠯᠪᠠ
ᠨᠡᠶᠢᠲᠡᠯᠡᠭᠰᠡᠨ ᠴᠠᠭ᠄
2025/6/10
        6 ᠰᠠᠷ᠎ᠠ ᠶᠢᠨ 3 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠠᠯ ᠡᠷᠭᠢᠯᠡᠨ ᠬᠤᠷᠠᠯᠳᠤᠭᠤᠯᠵᠤ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠡᠭᠡᠯᠵᠢ ᠶᠢᠨ ᠬᠢᠨᠠᠨ ᠪᠠᠶᠢᠴᠠᠭᠠᠯᠲᠠ ᠶᠢᠨ ᠵᠠᠬᠢᠳᠠᠯ ᠰᠤᠷᠪᠤᠯᠵᠢᠯᠠᠯ ᠢ ᠰᠢᠯᠵᠢᠭᠦᠯᠦᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠰᠣᠨᠣᠰᠴᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢ ᠠᠬᠢᠭᠤᠯᠪᠠ᠃       ᠰᠦᠬᠡ ᠬᠡᠯᠡᠭᠰᠡᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ᠂ ᠤᠯᠤᠰ ᠲᠦᠷᠦ ᠶᠢᠨ ᠲᠠᠯ᠎ᠠ ᠠᠴᠠ ᠥᠭᠡᠷᠡᠴᠢᠯᠡᠬᠦ ᠶᠢ ᠪᠠᠷᠢᠮᠲᠠᠯᠠᠵᠤ᠂ ︽ᠠᠰᠠᠭᠤᠳᠠᠯ ᠢ ᠪᠠᠶᠢᠴᠠᠭᠠᠨ ᠲᠣᠳᠣᠷᠬᠠᠶᠢᠯᠠᠬᠤ ᠦᠭᠡᠢ ᠪᠣᠯ ᠲᠠᠯᠪᠢᠬᠤ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠤᠯᠠᠨ ᠲᠦᠮᠡᠨ ᠬᠠᠨᠤᠮᠵᠢ ᠦᠭᠡᠢ ᠪᠣᠯ ᠲᠠᠯᠪᠢᠬᠤ ᠦᠭᠡᠢ︾ ᠶᠢ ᠪᠡᠶᠡᠯᠡᠭᠦᠯᠬᠦ ᠬᠡᠷᠡᠭᠲᠡᠢ᠃ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠪᠠᠷᠢᠮᠲᠠᠯᠠᠵᠤ᠂ ᠬᠢᠨᠠᠨ ᠪᠠᠶᠢᠴᠠᠭᠠᠯᠲᠠ ᠶᠢᠨ ᠲᠤᠰᠢᠶᠠᠭᠰᠠᠨ ᠵᠠᠬᠢᠳᠠᠯ ᠰᠤᠷᠪᠤᠯᠵᠢᠯᠠᠯ ᠢ ᠰᠢᠯᠵᠢᠭᠦᠯᠦᠨ ᠰᠢᠢᠳᠪᠦᠷᠢᠯᠡᠭᠰᠡᠨ ᠬᠡᠷᠡᠭ ᠢ ᠲᠡᠷᠡ ᠳᠠᠷᠤᠢ ᠳᠤᠨᠢ ᠬᠢᠨᠠᠨ ᠬᠠᠷᠭᠤᠭᠤᠯᠵᠤ᠂ ᠲᠡᠷᠡ ᠳᠠᠷᠤᠢ ᠳᠤᠨᠢ ᠰᠤᠳᠤᠯᠤᠨ ᠮᠠᠭᠠᠳᠯᠠᠵᠤ᠂ ᠲᠡᠷᠡ ᠳᠠᠷᠤᠢ ᠳᠤᠨᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠴᠢᠩᠭᠠᠳᠬᠠᠵᠤ᠂ ᠬᠢᠨᠠᠨ ᠪᠠᠶᠢᠴᠠᠭᠠᠬᠤ ᠶᠢᠨ ᠳᠠᠭᠠᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠬᠥᠳᠡᠯᠦᠩᠭᠦᠢ ᠪᠠᠷ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠤᠨ ᠠᠬᠢᠭᠤᠯᠵᠤ᠂ ᠳᠠᠬᠢᠨ ᠴᠢᠩᠭᠠᠷᠠᠭᠤᠯᠵᠤ᠂ ᠳᠠᠬᠢᠨ ᠬᠦᠴᠦᠯᠡᠵᠦ᠂ ᠠᠶᠢᠮᠠᠭ ᠤᠨ ᠰᠢᠭᠤᠳ ᠬᠠᠷᠢᠶ᠎ᠠ ᠲᠦᠷᠦᠭᠦᠯᠡᠬᠦ ᠰᠠᠯᠠᠭ᠎ᠠ ᠮᠥᠴᠢᠷ᠂ ᠬᠠᠮᠵᠢᠯᠴᠠᠬᠤ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠵᠢᠯᠣᠭᠤᠳᠣᠯᠭ᠎ᠠ ᠪᠠᠨ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠰᠠᠭᠤᠳᠠᠯ ᠢ ᠲᠦᠢᠯᠪᠤᠷᠢᠲᠠᠶ ᠥᠭᠡᠷᠡᠴᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃       ᠯᠢᠶᠠᠨ ᠳ᠋ᠦᠩ᠂ ᠭᠦ᠋ ᠯᠢ ᠮᠢᠨ᠂ ᠾᠧ ᠸᠧᠢ ᠯᠢ᠂ ᠯᠢᠶᠠᠩ ᠶᠠᠨ ᠵᠢᠶᠦ᠋ᠨ ᠨᠡᠷ ᠬᠤᠷᠠᠯ ᠳᠤ ᠣᠷᠣᠯᠴᠠᠪᠠ᠃ ︵ᠯᠢᠦ ᠵᠢᠩ ᠰᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号