ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠬᠳᠠᠭᠤᠯᠵᠠᠢ
ᠨᠡᠶᠢᠲᠡᠯᠡᠭᠰᠡᠨ ᠴᠠᠭ᠄
2025/6/10
        ᠦᠢᠷ᠎ᠠ ᠳᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠬᠳᠠᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠶᠤᠰᠤᠯᠠᠯ ᠢ ᠡᠷᠬᠢᠯᠡᠭᠰᠡᠨ ᠪᠥᠭᠡᠳ ᠦᠨᠳᠦᠰᠦᠨ ᠬᠠᠦᠯᠢ ᠳᠤ ᠲᠠᠩᠭᠠᠷᠢᠭᠯᠠᠵᠤ᠂ ᠳᠡᠳ᠋ ᠡᠷᠬᠢᠯᠡᠭᠴᠢ ᠯᠢ ᠰᠢᠶᠤᠤ ᠭᠤᠸᠠᠩ᠂ ᠭᠦᠸᠧ ᠲᠠᠩ᠂ ᠯᠢᠦ ᠵᠦᠩ᠂ ᠶᠠᠩ ᠶᠦᠩ ᠵᠢᠦ ᠶᠣᠰᠣᠯᠠᠯ ᠳᠤ ᠣᠷᠣᠯᠴᠠᠪᠠ᠃        ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠴᠠ ᠵᠧᠦ ᠵᠤᠤ ᠶᠤᠸᠠᠨ᠂ ᠪᠦᠦ ᠰᠢᠤ ᠯᠠᠨ᠂ ᠵᠠᠩ ᠴᠢᠤᠸᠠᠨ᠂ ᠰᠡᠷᠭᠦᠯᠡᠩ ᠢ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠭᠡᠰᠢᠭᠦᠨ ᠢᠶᠠᠷ ᠲᠣᠮᠢᠯᠠᠪᠠ᠃ ᠶᠣᠰᠣᠯᠠᠯ ᠳᠡᠭᠡᠷ᠎ᠡ ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠪᠠ᠃        ᠰᠢᠤᠢ ᠵᠦᠸᠧ ᠱᠠᠭᠠᠷᠳᠠᠭᠰᠠᠨ ᠨᠢ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠷ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠥᠬᠡᠶ ᠪᠠᠷᠢᠮᠲᠠᠯᠠᠬᠤ ᠬᠡᠷᠡᠭᠲᠡᠶ᠃ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠭᠦᠢᠴᠡᠳᠭᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ ᠭᠡᠵᠡᠢ᠃ ︵ᠪᠤᠤ ᠸᠧᠨ ᠳ᠋ᠢᠩ ᠨᠢᠩᠵᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号