ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠠᠯᠠ ᠮᠥᠩᠭᠦ ᠪᠠᠭᠤᠯᠭᠠᠵᠤ ᠦᠷ᠎ᠡ ᠶᠢᠨ ᠦᠢᠯᠡᠰ ᠢ ᠬᠥᠭᠵᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/6/10
       ᠣᠶᠢᠷ᠎ᠠ ᠳᠤ᠂ ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠨᠠᠮ ᠤᠨ ᠲᠥᠪ ᠬᠤᠷᠢᠶᠠᠨ ᠤ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠷ᠎ᠡ ᠶᠢᠨ ᠦᠢᠯᠡᠰ ᠢ ᠬᠥᠭᠵᠢᠭᠦᠯᠬᠦ ᠶᠢ ᠠᠬᠢᠭᠤᠯᠤᠨ᠂ ᠦᠷ᠎ᠡ ᠶᠢᠨ ᠢᠷᠡᠯᠳᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠤᠮᠠᠷᠠᠲᠤ ᠶᠢᠨ ᠭᠠᠵᠠᠷ ᠤᠷᠤᠨ ᠳᠤ ᠲᠣᠬᠢᠷᠠᠬᠤ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠪᠤᠶᠢᠵᠢᠭᠤᠯᠬᠤ ᠪᠠᠷ᠂ 2025 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠲᠤᠰᠬᠠᠢ ᠪᠡᠯᠡ ᠮᠥᠩᠭᠦ ᠶᠢ 100 ᠲᠦᠮᠡᠨ ᠲᠥᠭᠦᠷᠢᠭ ᠪᠠᠭᠤᠯᠭᠠᠪᠠ᠃ ᠲᠣᠰ ᠪᠠᠯᠠ ᠮᠥᠩᠭᠦ ᠶᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠤᠮᠠᠷᠠᠲᠤ ᠶᠢᠨ ᠰᠡᠷᠢᠭᠦᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠭᠦᠷᠭᠡᠯᠡᠵᠦ ᠪᠠᠶᠢᠭ᠎ᠠ ︽ᠥᠪᠥᠷ ᠮᠣᠩᠭᠤᠯ ᠤᠨ ᠤᠰᠤᠨ ᠲᠤᠲᠤᠷᠭ᠎ᠠ ᠶᠢᠨ ᠪᠦᠬᠦ ᠭᠧᠨ ᠤ ᠪᠦᠯᠦᠭ ᠢ ᠰᠣᠩᠭᠤᠬᠤ ᠵᠠᠭᠪᠤᠷ ᠤᠨ ᠪᠠᠶᠢᠭᠤᠯᠤᠯᠲᠠ ᠪᠠ ᠴᠢᠳᠠᠮᠵᠢ ᠶᠢᠨ ᠴᠢᠨᠠᠷᠲᠠᠶ ᠲᠤᠲᠤᠷᠭ᠎ᠠ ᠶᠢᠨ ᠦᠷ᠎ᠡ ᠪᠤᠶᠢᠵᠢᠭᠤᠯᠬᠤ ᠶᠢ ᠳᠡᠮᠵᠢᠬᠦ︾ ᠲᠥᠷᠥᠯ ᠵᠦᠢᠯ ᠳᠤ ᠲᠤᠰᠬᠠᠶ ᠵᠦᠢᠯ ᠢᠶᠠᠷ ᠬᠡᠷᠡᠭᠯᠡᠨ᠎ᠡ᠃       ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠲᠣᠰ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠲᠥᠷᠥᠯ ᠵᠦᠢᠯ ᠢ ᠳᠡᠮᠵᠢᠭᠰᠡᠨ ᠵᠣᠭᠤᠰ ᠤᠨ ᠲᠤᠭ᠎ᠠ ᠨᠢ ᠨᠢᠭᠡᠨᠲᠡ 300 ᠲᠦᠮᠡᠨ ᠲᠥᠭᠦᠷᠢᠭ ᠲᠤ ᠬᠦᠷᠴᠦ᠂ 2023 ᠣᠨ ᠠᠴᠠ ᠡᠬᠢᠯᠡᠨ ᠭᠤᠷᠪᠠᠨ ᠵᠢᠯ ᠬᠡᠷᠡᠭᠵᠢᠭᠦᠯᠵᠦ᠂ ᠵᠢᠯ ᠪᠦᠷᠢ 100 ᠲᠦᠮᠡᠨ ᠲᠥᠭᠦᠷᠢᠭ ᠤᠨ ᠪᠠᠯᠠ ᠣᠷᠣᠭᠤᠯᠵᠠᠢ᠃ ᠲᠤᠰᠬᠠᠶ ᠪᠡᠯᠡ ᠮᠥᠩᠭᠦ ᠶᠢᠨ ᠳᠡᠮᠵᠢᠯᠭᠡ ᠳᠣᠣᠷ᠎ᠠ᠂ ᠲᠤᠷᠰᠢᠯᠲᠠ ᠶᠢᠨ ᠲᠠᠰᠤᠭ ᠨᠢᠭᠡᠨᠲᠡ ᠭᠤᠷᠪᠠᠨ ᠵᠦᠢᠯ ᠤᠨ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠡᠷᠲᠡ ᠪᠣᠯᠪᠠᠰᠤᠷᠠᠭᠰᠠᠨ ᠥᠨᠳᠥᠷ ᠤᠨᠠᠯᠲᠠ ᠲᠠᠢ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠪᠤᠶᠢᠵᠢᠭᠤᠯᠬᠤ᠂ ᠭᠠᠩ ᠬᠠᠭᠰᠠᠷᠠᠭᠠᠨ ᠳᠤ ᠳᠡᠰᠪᠤᠷᠢᠳᠠᠢ ᠤᠰᠤ ᠠᠷᠪᠢᠯᠠᠬᠤ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠪᠤᠶᠢᠵᠢᠭᠤᠯᠬᠤ᠂ ᠢᠵᠢ ᠪᠦᠷᠢᠳᠦᠭᠦᠯᠦᠨ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠵᠢᠴᠢ ᠤᠰᠤᠨ ᠲᠤᠲᠤᠷᠭ᠎ᠠ ᠶᠢᠨ ᠪᠦᠬᠦ ᠭᠧᠨ ᠤ ᠪᠦᠯᠦᠭ ᠢ ᠰᠣᠩᠭᠤᠬᠤ ᠵᠠᠭᠪᠤᠷ ᠢ ᠪᠠᠶᠢᠭᠤᠯᠬᠤ ᠪᠠ ᠴᠢᠳᠠᠮᠵᠢ ᠶᠢᠨ ᠴᠢᠨᠠᠷᠲᠠᠶ ᠲᠤᠲᠤᠷᠭ᠎ᠠ ᠶᠢᠨ ᠦᠷ᠎ᠡ ᠶᠢᠨ ᠡᠭᠦᠳᠦᠯᠲᠡ ᠶᠢ ᠡᠭᠦᠳᠦᠨ ᠵᠣᠬᠢᠶᠠᠪᠠ᠃       ᠲᠣᠰ ᠤᠳᠠᠭᠠᠨ ᠤ ᠪᠠᠭᠤᠯᠭᠠᠭᠰᠠᠨ ᠲᠤᠰᠬᠠᠶ ᠪᠠᠯᠠ ᠮᠥᠩᠭᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠬᠢᠩᠭᠠᠨ ᠠᠶᠢᠮᠠᠭ ᠤᠨ ᠤᠰᠤᠨ ᠲᠤᠲᠤᠷᠭ᠎ᠠ ᠶᠢᠨ ᠲᠥᠷᠥᠯ ᠵᠦᠢᠯ ᠤᠨ ᠬᠦᠴᠢᠷ ᠠᠰᠠᠭᠤᠳᠠᠯ ᠢ ᠡᠬᠢ ᠡᠭᠦᠰᠦᠯ ᠠᠴᠠ ᠨᠢ ᠤᠯᠠᠮ ᠨᠢᠭᠡ ᠠᠯᠬᠤᠮ ᠰᠢᠢᠳᠪᠦᠷᠢᠯᠡᠵᠦ᠂ ︽ᠪᠣᠬᠢᠷᠲᠤᠯ ᠥᠬᠡᠶ ᠥᠨᠳᠥᠷ ᠪᠦᠲᠦᠮᠵᠢᠲᠡᠶ ᠪᠠᠶᠢᠬᠤ ︾ ᠲᠠᠷᠢᠶᠠᠯᠠᠩ ᠤᠨ ᠬᠥᠭᠵᠢᠯᠲᠡ ᠶᠢᠨ ᠬᠠᠷᠠᠯᠲᠠ ᠶᠢᠨ ᠪᠡᠶᠡᠯᠡᠭᠳᠡᠬᠦ ᠶᠢ ᠳᠥᠯᠭᠢᠨ ᠠᠬᠢᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠣᠰ ᠭᠠᠵᠠᠷ ᠣᠷᠣᠨ ᠤ ᠪᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠢᠩᠭᠠᠨ ᠠᠶᠢᠮᠠᠭ ᠤᠨ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠵᠤ᠂ ᠤᠮᠠᠷᠠᠲᠤ ᠶᠢᠨ ᠰᠡᠷᠢᠭᠦᠨ ᠭᠠᠵᠠᠷ ᠤᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠪᠠ᠃ ᠲᠤᠷᠰᠢᠯᠲᠠ ᠶᠢᠨ ᠲᠠᠰᠤᠭ ᠭᠧᠨ ᠤ ᠢᠨᠵᠧᠨᠧᠷᠢᠩ᠂ ᠡᠰ ᠤᠨ ᠢᠨᠵᠧᠨᠧᠷᠢᠩ ᠵᠡᠷᠭᠡ ᠣᠲᠣ ᠦᠶ᠎ᠡ ᠶᠢᠨ ᠠᠮᠢᠳᠤ ᠪᠣᠳᠠᠰ ᠤᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠵᠦ᠂ ᠨᠢᠭᠡ ᠪᠦᠯᠦᠭ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠢᠳᠡᠪᠬᠢᠲᠡᠶ ᠰᠦᠪᠡᠭᠴᠢᠯᠡᠨ ᠵᠢᠱᠢᠶ᠎ᠡ ᠦᠵᠡᠭᠦᠯᠵᠦ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠤᠰᠤᠨ ᠲᠤᠲᠤᠷᠭ᠎ᠠ ᠶᠢᠨ ᠰᠢᠨ᠎ᠡ ᠡᠭᠦᠯᠳᠡᠷ ᠢ ᠪᠤᠶᠢᠵᠢᠭᠤᠯᠬᠤ ᠪᠠᠷ ᠴᠢᠷᠮᠠᠶᠢᠨ᠎ᠠ᠃       ᠡᠨᠡ ᠬᠦ ᠰᠠᠭᠤᠷᠢᠨ ᠳᠡᠭᠡᠷ᠎ᠡ᠂ ᠲᠤᠷᠰᠢᠯᠲᠠ ᠶᠢᠨ ᠲᠠᠰᠤᠭ ᠪᠠᠰᠠ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠦᠷ᠎ᠡ ᠪᠤᠶᠢᠵᠢᠭᠤᠯᠬᠤ᠂ ᠡᠳ᠋ᠰᠢᠭᠦᠯᠬᠦ᠂ ᠵᠢᠱᠢᠶ᠎ᠡ ᠦᠵᠡᠭᠦᠯᠬᠦ ᠵᠢᠴᠢ ᠬᠤᠪᠢᠷᠠᠭᠤᠯᠬᠤ ᠶᠢ ᠨᠢᠭᠡ ᠴᠤᠭᠴᠠᠵᠢᠭᠤᠯᠤᠭᠰᠠᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠬᠦᠴᠦᠯᠡᠨ ᠪᠠᠶᠢᠭᠤᠯᠵᠤ᠂ ᠤᠰᠤᠨ ᠲᠤᠲᠤᠷᠭ᠎ᠠ ᠶᠢᠨ ᠦᠷ᠎ᠡ ᠶᠢᠨ ᠦᠢᠯᠡᠰ ᠤᠨ ᠭᠤᠤᠯᠯᠠᠬᠤ ᠥᠷᠢᠰᠥᠯᠳᠦᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ᠃        ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠳᠡᠮᠵᠢᠯᠭᠡ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠣᠷᠣᠨ ᠪᠦᠰᠡ ᠶᠢᠨ ᠴᠢᠬᠤᠯᠠ ᠴᠢᠨᠠᠷ ᠰᠠᠶᠢᠲᠠᠶ ᠤᠰᠤᠨ ᠲᠤᠲᠤᠷᠭ᠎ᠠ ᠶᠢᠨ ᠦᠷ᠎ᠡ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠢᠷᠡᠭᠡᠳᠦᠢ ᠳᠤ ᠲᠤᠷᠰᠢᠯᠲᠠ ᠶᠢᠨ ᠲᠠᠰᠤᠭ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠳᠤ ᠵᠣᠬᠢᠴᠠᠭᠰᠠᠨ ᠤᠰᠤᠨ ᠲᠤᠲᠤᠷᠭ᠎ᠠ ᠶᠢᠨ ᠡᠭᠦᠯᠳᠡᠷ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠶ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号