| 6 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ | ᠬᠤᠷᠢᠶᠠᠨ ᠤ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ | ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠠᠷᠪᠠᠨ | ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠡᠮᠦᠨᠡᠬᠢ ᠬᠤᠭᠤᠴᠠᠭᠠᠨ ᠤ ᠪᠡᠯᠡᠳᠭᠡᠯ | ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠵᠡᠷᠭᠡ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠦ᠂ | ᠲᠠᠷᠠᠭᠠᠴᠢ ᠶᠢᠨ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠵᠦ | ᠠᠬᠤᠢ ᠶᠢᠨ ᠡᠷᠬᠢᠯᠳᠡ ᠶᠢ ᠪᠦᠬᠦ ᠬᠦᠴᠦᠨ ᠢᠶᠠᠷ ᠲᠤᠭᠳᠠᠪᠤᠷᠢᠵᠢᠭᠤᠯᠵᠦ᠂ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠰᠠᠶᠢᠲᠤᠷ | ᠠᠳᠬᠤᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ | ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠠᠷᠪᠠᠨ ᠲᠠᠪᠤᠳᠤᠭᠠᠷ | ᠲᠠᠪᠤᠨ ᠵᠢᠯ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠪᠦᠬᠦ ᠠᠶᠢᠮᠠᠭ ᠤᠨ ᠠᠷᠪᠠᠨ ᠲᠠᠪᠤᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ | ᠠᠬᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠥᠷᠢᠯᠡᠬᠦ ᠬᠦᠴᠦᠯᠡᠬᠦ ᠴᠡᠭ ᠢᠶᠠᠨ | ᠤᠨᠤᠴᠠᠳᠠᠢ ᠡᠷᠢᠨ ᠤᠯᠵᠦ᠂ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ᠂ ᠰᠤᠶᠤᠯ ᠵᠢᠭᠤᠯᠴᠢᠯᠠᠯ ᠵᠡᠷᠭᠡ | ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠦᠪᠯᠡᠷᠡᠬᠦᠯᠦᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠢ ᠤᠷᠢᠳᠴᠢᠯᠠᠨ | ᠲᠥᠯᠥᠪᠯᠡᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠥᠨᠳᠥᠷ ᠬᠢᠷᠢ ᠲᠦᠪᠰᠢᠨ | ᠪᠥᠬᠦᠶ ᠲᠥᠯᠥᠪᠵᠢᠭᠦᠯᠭᠡ ᠪᠠᠷ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠬᠤ ᠪᠠᠷ | ᠴᠢᠷᠮᠠᠶᠢᠬᠤ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠭᠡᠢ ᠱᠦᠵᠢ ᠰᠢ ᠶᠢᠨ ᠫᠢᠩ ᠤᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠶᠤᠨ ᠰᠠᠨᠠᠭ᠎ᠠ ᠪᠠᠨ ᠨᠢᠭᠲᠠᠷᠠᠭᠤᠯᠤᠨ ᠰᠦᠭ | ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠤᠯᠠᠨ ᠲᠦᠮᠡᠨ ᠤ ᠤᠶᠤᠨ ᠤ | ᠠᠮᠢᠳᠤᠷᠠᠯ ᠢ ᠦᠷᠭᠦᠯᠵᠢᠯᠡᠨ ᠪᠠᠶᠠᠯᠢᠭᠵᠢᠭᠤᠯᠵᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠭᠰᠠᠨ ᠨᠢ᠂ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠵᠤ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠠᠵᠢᠯᠴᠢ | ᠠᠷᠪᠢᠴᠢ ᠪᠠᠷ ᠠᠯᠢᠪᠠ ᠤᠴᠢᠷ ᠶᠠᠪᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠂ ᠬᠢᠵᠠᠭᠠᠷᠯᠠᠯ ᠢ ᠴᠢᠩᠭᠠᠳᠬᠠᠵᠤ᠂ | ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠳ᠋ ᠤᠨ ᠬᠦᠴᠦᠨ ᠢ ᠬᠦᠭᠵᠢᠯᠳᠡ ᠪᠠ ᠠᠷᠠᠳ ᠤᠨ ᠠᠮᠢᠳᠤᠷᠠᠯ | ᠲᠡᠭᠡᠷ᠎ᠠ ᠬᠡᠷᠡᠭᠯᠡᠬᠦ ᠬᠡᠷᠡᠭᠳᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ︽ᠲᠦᠷᠪᠡᠨ | ᠰᠤᠷᠲᠠᠯ︾ ᠤᠨ ᠠᠰᠠᠭᠤᠳᠠᠯ ᠤᠨ ᠮᠤᠵᠢᠭᠤᠳᠠ ᠴᠢᠨᠠᠷ᠂ ᠲᠠᠬᠢᠨ ᠳᠠᠪᠲᠠᠬᠤ ᠴᠢᠨᠠᠷ ᠢ ᠭᠦᠨᠵᠡᠭᠡᠢ ᠲᠠᠨᠢᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠬᠦᠨᠳᠦ ᠨᠣᠴᠢᠲᠠᠢ ᠤᠯᠤᠰ ᠲᠦᠷᠦ ᠶᠢᠨ ᠬᠤᠣᠷ ᠬᠥᠨᠥᠭᠡᠯ ᠢ | ᠭᠦᠨᠵᠡᠭᠡᠢ ᠲᠠᠨᠢᠵᠤ᠂ ᠠᠵᠢᠯ ᠤᠨ ᠠᠮᠵᠢᠯᠲᠠ ᠶᠢᠨ ᠦᠵᠡᠯᠲᠡ ᠶᠢᠨ ᠵᠦᠷᠢᠶ᠎ᠡ ᠶᠢ ᠡᠷᠡᠰ ᠵᠠᠯᠠᠷᠠᠭᠤᠯᠵᠤ᠂ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢᠨ ᠭᠡᠮ ᠠᠷᠬᠠᠭ ᠢ ᠭᠦᠨᠵᠡᠭᠡᠢ ᠵᠠᠯᠠᠷᠠᠭᠤᠯᠵᠦ᠂ ᠰᠡᠷᠡᠮᠵᠢᠯᠡᠬᠦᠯᠬᠦ | ᠬᠦᠮᠦᠵᠢᠯ ᠤᠨ ᠤᠳᠠᠭ᠎ᠠ ᠶᠢ ᠤᠯᠠᠰᠢᠷᠠᠭᠤᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ | ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠵᠢᠯ ᠢ | ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠭᠤᠣᠯ | ᠡᠭᠦᠷᠭᠡ ᠪᠣᠯᠭᠠᠵᠤ᠂ ᠮᠠᠯᠴᠢᠨ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ︽ | ᠵᠢᠷᠭᠤᠭᠠᠨ ᠶᠡᠭᠡ ᠠᠷᠭ᠎ᠠ ᠬᠡᠮᠵᠢᠶ᠎ᠡ︾ ᠶᠢ ᠦᠷᠭᠦᠯᠵᠢᠯᠡᠨ ᠰᠠᠶᠢᠲᠤᠷ ᠠᠳᠬᠤᠵᠤ᠂ ᠲᠦᠬᠦᠭᠡᠷᠦᠮᠵᠢᠳᠦ ᠲᠠᠷᠢᠶᠠᠯᠠᠩ᠂ | ᠬᠠᠰᠢᠶᠠᠯᠠᠨ ᠲᠡᠵᠢᠭᠡᠬᠦ᠂ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠶᠡᠭᠡᠪᠡᠷ ᠬᠦᠭᠵᠢᠬᠦᠯᠵᠦ᠂ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠤᠯᠠᠮ ᠨᠢᠭᠡ ᠠᠯᠬᠤᠮ ᠥᠷᠭᠡᠳᠭᠡᠵᠦ᠂ ᠮᠠᠯᠵᠢᠬᠤ ᠲᠠᠷᠢᠶᠠᠯᠠᠬᠤ | ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠯ᠎ᠡ ᠲᠥᠷᠥᠯ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠵᠢᠷᠤᠮᠵᠢᠭᠤᠯᠤᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ | ᠪᠦᠲᠦᠭᠡᠯ ᠢ ᠮᠠᠯᠴᠢᠨ ᠲᠠᠷᠢᠶᠠᠴᠢᠳ ᠲᠤ ᠨᠠᠩ ᠣᠯᠠᠨ ᠨᠠᠩ ᠰᠠᠶᠢᠨ ᠬᠦᠷᠲᠡᠭᠡᠬᠦ ᠶᠢ ᠠᠬᠢᠭᠤᠯᠬᠤ ᠬᠡᠷᠡᠭᠳᠡᠢ ᠭᠡᠪᠡ᠃ ︵ | ᠵᠠᠩ ᠸᠧᠶ ᠨᠠᠨ︶ | | |