| 6 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠠᠵᠤ ᠠᠬᠤᠶ ᠶᠢᠨ ᠡᠷᠬᠢᠯᠳᠡ᠂ ᠴᠢᠬᠤᠯᠠ ᠶᠡᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠦ ᠪᠡᠯᠡ ᠮᠦᠩᠬᠦ ᠤᠷᠤᠭᠤᠯᠤᠨ ᠠᠪᠴᠢᠷᠠᠬᠤ | ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ | ᠬᠤᠷᠠᠯ ᠢ ᠡᠷᠬᠢᠯᠡᠬᠦ ᠶᠢᠨ ᠬᠠᠮᠳᠦ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠵᠢᠯ ᠢ ᠪᠠᠶᠢᠷᠢᠯᠠᠭᠤᠯᠪᠠ᠃ ᠠᠶᠢᠮᠠᠭ ᠤᠨ ᠤᠳᠤᠷᠢᠳᠤᠯᠭ᠎ᠠ ᠰᠢᠤᠢ ᠵᠦᠸᠧ | ᠂ ᠶᠠᠩ ᠵᠢᠢ ᠫᠧᠩ᠂ ᠹᠧᠩ ᠠᠢ ᠰᠢᠶᠠ ᠨᠠᠷ ᠬᠤᠷᠠᠯ ᠳᠤ ᠣᠷᠣᠯᠴᠠᠵᠠᠢ᠃ | ᠬᠤᠷᠠᠯ ᠠᠴᠠ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠡᠰᠡᠭ ᠰᠠᠯᠠᠭ᠎ᠠ | ᠮᠦᠴᠢᠷ ᠤᠨ ᠤᠳᠤᠬᠠᠨ ᠤ ᠠᠵᠤ ᠠᠬᠤᠶ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠢᠮᠠᠭ ᠤᠨ | ᠵᠠᠬᠢᠷᠭ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠠᠷᠢᠶ᠎ᠠ ᠲᠠᠯᠪᠢᠵᠠᠶ᠃ | ᠰᠦᠬᠡ ᠬᠡᠯᠡᠭᠰᠡᠨ ᠨᠢ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠦᠵᠡᠯ ᠰᠠᠨᠠᠭ᠎ᠠ ᠪᠠ | ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ | ᠡᠭᠦᠷᠭᠡ ᠶᠢ ᠨᠠᠷᠢᠨ ᠬᠢᠨᠠᠮᠠᠭᠠᠶ ᠵᠠᠳᠠᠯᠵᠤ᠂ ᠰᠤᠯᠠᠷᠠᠵᠤ ᠬᠤᠶᠢᠰᠢᠷᠠᠭᠤᠯᠬᠤ ᠦᠵᠡᠯ ᠰᠠᠨᠠᠭ᠎ᠠ ᠶᠢ ᠡᠷᠡᠰ ᠲᠡᠪᠴᠢᠵᠦ᠂ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠴᠢ ᠵᠣᠷᠢᠭ ᠢᠶᠠᠨ ᠳᠠᠬᠢᠨᠲᠠ ᠬᠥᠪᠴᠢᠯᠡᠵᠦ᠂ ᠠᠷᠭ᠎ᠠ ᠪᠦᠬᠦᠨ ᠢ | ᠰᠦᠪᠡᠭᠴᠢᠯᠡᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠠᠵᠤ ᠠᠬᠤᠶ ᠶᠢᠨ ᠡᠷᠬᠢᠯᠳᠡ ᠲᠣᠭᠲᠠᠭᠤᠨ ᠪᠥᠭᠡᠳ | ᠡᠷᠡᠭᠦᠯ ᠢᠶᠠᠷ ᠬᠦᠭᠵᠢᠬᠦ ᠶᠢ ᠦᠨᠡᠨᠬᠦ ᠪᠠᠳᠤᠯᠠᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠶ᠃ ᠠᠵᠤ ᠠᠬᠤᠶ ᠶᠢᠨ ᠵᠢᠭᠠᠯᠳᠠ ᠲᠤᠭ᠎ᠠ ᠶᠢ ᠪᠦᠬᠦ ᠲᠠᠯ᠎ᠠ ᠪᠠᠷ ᠡᠮᠬᠢᠯᠡᠨ | ᠲᠢᠭᠯᠡᠵᠦ᠂ ᠬᠦᠷᠢᠶ᠎ᠡ ᠨᠢᠭᠡᠪᠦᠷᠢ ᠳᠤ ᠲᠣᠬᠢᠷᠠᠭᠤᠯᠤᠨ ᠵᠠᠳᠠᠯᠤᠯᠲᠠ ᠬᠢᠵᠦ᠂ ᠨᠢᠭᠡᠳᠭᠡᠪᠡᠰᠦ ᠵᠣᠬᠢᠬᠤ ᠶᠢ ᠨᠢ ᠪᠦᠬᠦᠨ ᠢ | ᠨᠢᠭᠡᠳᠭᠡᠵᠦ᠂ ᠶᠠᠭᠠᠬᠢᠭᠰᠠᠨ ᠴᠤ ᠬᠠᠭᠤᠷᠮᠠᠭ ᠢᠶᠠᠷ ᠵᠣᠬᠢᠶᠠᠵᠤ ᠪᠣᠯᠬᠤ ᠦᠭᠡᠢ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠷᠢᠭᠤᠴᠠᠯᠭ᠎ᠠ ᠪᠠ ᠬᠠᠶᠢᠷ᠎ᠠ ᠰᠡᠳᠭᠢᠯᠭᠡ ᠶᠢ ᠡᠪᠦᠷᠯᠡᠨ ᠠᠵᠤ | ᠠᠬᠤᠶᠢᠯᠠᠯ ᠤᠨ ᠡᠷᠬᠢᠯᠳᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠳᠤ ᠬᠦᠴᠦᠨ | ᠨᠡᠮᠡᠷᠢᠯᠡᠬᠦ ᠬᠡᠷᠡᠭᠲᠡᠢ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ︽ᠪᠠᠷᠢᠯᠭ᠎ᠠ ᠶᠢᠨ ᠰᠢᠵᠢᠷ ᠠᠯᠳᠠᠨ | ᠬᠤᠭᠤᠴᠠᠭ᠎ᠠ︾ ᠶᠢ ᠠᠮᠵᠢᠨ ᠠᠳᠬᠤᠵᠤ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠣᠣᠷ᠎ᠠ ᠬᠦᠴᠦ ᠪᠠᠨ ᠨᠡᠮᠡᠭᠳᠡᠭᠦᠯᠬᠦ ᠶᠢ ᠲᠦᠷᠭᠡᠳᠭᠡᠵᠦ᠂ ᠨᠡᠩ ᠤᠯᠠᠨ ᠪᠡᠯᠡ ᠣᠷᠣᠭᠤᠯᠤᠯᠲᠠ ᠲᠠᠢ ᠪᠤᠯᠭᠠᠬᠤ ᠪᠠᠷ | ᠴᠢᠷᠮᠠᠶᠢᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠤᠷᠴᠢᠨ ᠨᠥᠭᠦᠴᠠᠯ ᠢ ᠰᠢᠯᠢᠳᠡᠭᠵᠢᠬᠦᠯᠬᠦ ᠪᠤᠭᠤᠮᠳᠠ ᠰᠢᠪᠳᠤᠯᠬᠤ | ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠬᠤᠳᠠᠯᠳᠤᠭ᠎ᠠ ᠡᠷᠬᠢᠯᠡᠬᠦ ᠤᠷᠴᠢᠨ ᠨᠥᠭᠦᠴᠠᠯ ᠢ ᠲᠡᠰ ᠲᠡᠪᠰᠢᠬᠦᠯᠬᠦ ᠶᠢ | ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠲᠦᠷᠪᠡᠨ ᠶᠡᠭᠡ ᠠᠵᠤ ᠦᠢᠯᠡᠰ ᠤᠨ ᠬᠡᠰᠡᠭ ᠪᠣᠯᠤᠨ 12 | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠵᠡᠷᠭᠡ ᠳᠠᠪᠠᠭᠤᠯᠢᠭ ᠬᠦᠷᠢᠶ᠎ᠡ ᠶᠢᠨ ᠲᠣᠭᠤᠷᠢᠨ ᠳᠤ ᠲᠤᠮᠦ | ᠬᠦᠴᠦᠷᠭᠡᠭ᠂ ᠲᠠᠳᠠᠬᠤ ᠬᠦᠴᠦᠨ ᠢᠶᠠᠷ ᠶᠡᠭᠡ ᠰᠢᠯᠢᠳᠡᠭ ᠬᠤᠳᠠᠯᠳᠤᠭᠠᠴᠢᠨ ᠢ ᠤᠷᠢᠵᠦ ᠬᠢᠩᠭᠠᠨ ᠠᠶᠢᠮᠠᠭ ᠲᠤ | ᠨᠤᠳᠤᠭᠰᠢᠭᠤᠯᠬᠤ ᠬᠡᠷᠡᠭᠳᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠠᠵᠤ ᠠᠬᠤᠢ ᠶᠢᠨ ᠲᠥᠯᠥᠭᠡ ᠲᠡᠮᠡᠴᠡᠬᠦ | ᠬᠠᠷᠢᠭᠤᠴᠠᠯᠭᠠᠲᠤ ᠰᠡᠳᠭᠢᠯᠭᠡ᠂ ᠲᠤᠯᠭᠠᠮ᠎ᠠ ᠰᠡᠳᠭᠢᠯᠭᠡ ᠪᠠᠨ ᠳᠡᠭᠡᠭᠰᠢᠯᠡᠭᠦᠯᠵᠦ᠂ ᠨᠢᠭᠡᠳᠦᠯᠳᠡᠢ ᠲᠦᠯᠦᠪᠵᠢᠬᠦᠯᠦᠨ | ᠲᠤᠬᠢᠷᠠᠭᠤᠯᠤᠯᠳᠠ ᠬᠢᠬᠦ᠂ ᠬᠠᠮᠵᠢᠯᠴᠠᠬᠤ ᠶᠢ ᠴᠢᠩᠭᠠᠳᠬᠠᠵᠦ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢᠶᠠᠨ | ᠲᠦᠷᠦᠭᠦᠯᠡᠨ ᠴᠢᠩᠭᠠᠳᠬᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠠᠵᠤ ᠠᠬᠤᠢ ᠶᠢᠨ | ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠬᠠᠷᠢᠭᠤᠴᠠᠯᠭ᠎ᠠ ᠡᠭᠦᠷᠭᠡᠯᠡᠯ ᠢᠶᠠᠨ ᠪᠡᠶᠡᠯᠡᠬᠦᠯᠬᠦ ᠬᠡᠷᠡᠭᠲᠡᠢ᠃ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠵᠢᠭᠤᠯᠴᠢᠯᠠᠯ ᠤᠨ ᠬᠦᠭᠵᠢᠯᠳᠡ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠠᠶᠤᠯ ᠲᠦᠭᠰᠢᠬᠦᠷᠢ ᠶᠢ ᠰᠡᠷᠭᠡᠶᠢᠯᠡᠬᠦ᠂ ᠠᠶᠤᠯᠬᠦᠢ ᠦᠢᠯᠡᠳᠪᠦᠷᠢᠯᠡᠯ ᠵᠡᠷᠭᠡ ᠡᠬᠦᠷᠭᠡ ᠶᠢ | ᠨᠢᠭᠡᠳᠦᠯᠳᠡᠢ ᠲᠦᠯᠦᠪᠵᠢᠬᠦᠯᠦᠨ᠂ ᠡᠯ᠎ᠡ ᠲᠥᠷᠥᠯ ᠤᠨ ᠠᠵᠢᠯ ᠤᠨ ᠰᠢᠨ᠎ᠡ ᠲᠡᠭᠡᠭᠰᠢᠯᠡᠯᠳᠡ ᠶᠢ ᠪᠡᠶᠡᠯᠡᠬᠦᠯᠬᠦ ᠶᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠭᠡᠪᠡ᠃ ︵ᠬᠠᠨ ᠸᠧᠨ ᠪᠢᠨ︶ | | |