1 — 4 ᠰᠠᠷ᠎ᠠ ᠳᠤ ᠬᠢᠩᠭᠠᠨ ᠠᠶᠢᠮᠠᠭ ᠤᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠣᠷᠣᠨ ᠳᠤ ᠬᠤᠶᠠᠳᠤᠭᠠᠷ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2025/6/10
        ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ ᠲᠤᠪᠴᠢᠶ᠎ᠠ ︽ᠵᠢᠷᠭᠤᠭᠠᠨ ᠠᠵᠢᠯᠯᠠᠭ᠎ᠠ︾ ᠶᠢ ᠦᠷᠭᠦᠯᠵᠢᠯᠡᠨ ᠪᠦᠲᠦᠮᠵᠢᠲᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠪᠣᠯᠤᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠲᠡᠪᠰᠢᠬᠦ ᠶᠢ ᠪᠦᠬᠦ ᠬᠦᠴᠦᠨ ᠢᠶᠠᠷ ᠠᠬᠢᠭᠤᠯᠵᠦ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠠᠬᠢᠭᠤᠯᠪᠠ᠃ 1 — 4 ᠰᠠᠷ᠎ᠠ ᠳᠤ ᠬᠢᠩᠭᠠᠨ ᠠᠶᠢᠮᠠᠭ ᠤᠨ ᠠᠵᠦ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 105.2% ᠪᠠᠶᠢᠵᠤ᠂ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 88.4 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 69.3 ᠵᠠᠭᠤᠨ ᠤ ᠨᠢᠭᠡᠴᠢ ᠥᠨᠳᠥᠷ ᠪᠣᠯᠵᠠᠶ᠃        ᠣᠳᠣᠬᠠᠨ ᠪᠣᠯᠲᠠᠯ᠎ᠠ᠂ ᠬᠢᠩᠭᠠᠨ ᠠᠶᠢᠮᠠᠭ ᠤᠨ ᠮᠢᠩᠭ᠎ᠠ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ 49 ᠲᠦᠷᠦᠯ ᠵᠦᠢᠯ ᠨᠢ ᠠᠵᠢᠯ ᠢᠶᠠᠨ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 75% ᠳᠤ ᠬᠦᠷᠴᠦ᠂  ᠳ᠋ᠦ᠋ ᠺᠠᠩ ᠢᠳᠡᠭᠡᠨ ᠪᠤᠯᠪᠠᠰᠤᠷᠠᠭᠤᠯᠬᠤ᠂ ᠰᠢᠩ ᠢ ᠨᠦᠩ ᠹᠧᠩ ᠬᠠᠶᠠᠭᠳᠠᠮᠠᠯ ᠮᠠᠰᠢᠨ ᠲᠡᠷᠭᠡ ᠶᠢ ᠰᠠᠯᠭᠠᠬᠤ ᠵᠡᠷᠭᠡ ᠲᠥᠷᠥᠯ ᠵᠦᠢᠯ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠬᠢᠭᠤᠯᠵᠦ᠂ ᠶᠢᠨ  ᠹᠧᠩ ᠪᠤᠬᠢᠷᠳᠤᠯ ᠦᠭᠡᠢ ᠮᠧᠲ᠋ᠢᠯ ᠠᠯᠺᠣᠣᠯ ᠵᠡᠷᠭᠡ ᠲᠦᠷᠦᠯ ᠵᠦᠢᠯ ᠤᠨ ᠲᠤᠨᠤᠭ ᠲᠦᠬᠦᠭᠡᠷᠦᠮᠵᠢ ᠶᠢ ᠶᠠᠭ ᠰᠠᠶ᠋ᠢᠬᠠᠨ ᠤᠭᠰᠠᠷᠠᠭᠤᠯᠵᠦ᠂ ᠪᠠᠢ ᠢ ᠡᠮ ᠤᠨ ᠦᠢᠯᠡᠰ ᠢ ᠦᠷᠭᠡᠳᠭᠡᠨ ᠪᠠᠶᠢᠭᠤᠯᠬᠤ᠂ ᠮᠧᠩ ᠨᠧᠩ ᠤᠶᠤᠡᠴᠢᠯᠠᠭᠰᠠᠨ ᠬᠠᠮᠢᠶᠠᠷᠤᠯᠳᠠ ᠵᠡᠷᠭᠡ ᠲᠦᠷᠦᠯ ᠵᠦᠢᠯ ᠨᠢᠭᠡᠨᠲᠡ ᠠᠰᠢᠭᠯᠠᠯᠲᠠ ᠳᠤ ᠤᠷᠤᠵᠠᠢ᠃ ︵ᠳᠤᠯᠭᠠᠭᠤᠷᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号