| ︽ᠬᠤᠶᠠᠷᠬᠠᠨ ᠡᠳᠦᠷ ᠲᠤ ᠺᠣᠮᠫᠠᠨᠢ ᠶᠢᠨ ᠢᠳᠡᠭᠡᠮᠵᠢ ᠶᠢᠨ ᠠᠰᠠᠭᠤᠳᠠᠯ ᠢ ᠤᠷᠤᠭᠰᠢᠳᠠᠢ ᠰᠶᠢᠳᠪᠦᠷᠢᠯᠡᠨ | ᠦᠭᠪᠡ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠡ ᠶᠢᠨ ᠢᠳᠡᠭᠡᠮᠵᠢ ᠶᠢ ᠰᠡᠷᠬᠦᠭᠡᠬᠦ ᠦᠢᠯᠡᠴᠢᠯᠡᠭᠡ | ᠴᠠᠭ ᠲᠠᠭᠠᠨ ᠲᠤᠬᠢᠷᠠᠭᠰᠠᠨ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠨ ᠠᠵᠤ | ᠦᠢᠯᠡᠰ ᠤᠨ ᠬᠦᠷᠢᠶᠡᠯᠡᠩ ᠤᠨ ᠵᠠᠰᠠᠭ ᠵᠠᠬᠢᠷᠭᠠᠨ ᠤ ᠳᠠᠭᠠᠭᠠᠮᠠᠯ ᠽᠸᠦ ᠣᠪᠣᠭᠲᠤ ᠰᠡᠳᠭᠢᠯ ᠬᠥᠳᠡᠯᠦᠨ ᠬᠡᠯᠡᠪᠡ᠃ | ᠣᠳᠣᠬᠠᠨ ᠳᠤ᠂ ᠤᠯᠠᠨ ᠠᠵᠤ ᠠᠬᠤᠶᠢᠯᠠᠯ ᠬᠢᠩᠭᠠᠨ ᠠᠶᠢᠮᠠᠭ ᠤᠨ ᠰᠢᠨ᠎ᠡ ᠪᠠᠷ ᠨᠡᠶᠢᠳᠡᠯᠡᠭᠰᠡᠨ ︽1+3+9︾ | ᠢᠲᠡᠭᠡᠮᠵᠢ ᠶᠢ ᠰᠡᠷᠭᠦᠭᠡᠬᠦ ᠲᠣᠭᠲᠠᠴᠠ ᠶᠢᠨ ᠳᠡᠮᠵᠢᠯᠭᠡ ᠳᠤ ᠬᠦᠭᠵᠢᠯᠳᠡ ᠶᠢᠨ ᠠᠮᠢᠵᠢᠷᠠᠯ ᠤᠨ ᠬᠦᠴᠦᠨ ᠨᠢ ᠤᠯᠠᠮ | ᠴᠢᠩᠭᠠᠷᠠᠪᠠ᠃ | ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠬᠤᠷᠴᠢᠨ ᠪᠠᠷᠠᠭᠤᠨ ᠭᠠᠷᠤᠨ | ᠡᠮᠦᠨᠡᠳᠦ ᠬᠤᠰᠢᠭᠤᠨ ᠳᠤ ᠪᠦᠬᠦ ᠬᠡᠯᠬᠢᠶ᠎ᠡ ᠶᠢᠨ ᠢᠳᠡᠭᠡᠮᠵᠢ ᠶᠢᠨ ᠦᠢᠯᠡᠴᠢᠯᠡᠭᠡᠨ ᠤ ᠰᠢᠰᠲ᠋ᠧᠮ ᠢ ᠤᠷᠢᠳᠠᠪᠡᠷ ᠲᠤᠷᠰᠢᠨ | ᠶᠠᠪᠤᠬᠳᠠᠭᠤᠯᠵᠤ᠂ ︽1+3+9︾ ᠢᠳᠡᠭᠡᠮᠵᠢ ᠶᠢ ᠰᠡᠷᠬᠦᠭᠡᠬᠦ ᠲᠤᠭᠳᠠᠴᠠ ᠶᠢ ᠪᠠᠶᠢᠭᠤᠯᠪᠠ᠂ ᠲᠠᠷᠤᠢ ︽ | ᠢᠲᠡᠭᠡᠮᠵᠢ ᠶᠢ ᠰᠡᠷᠭᠦᠭᠡᠬᠦ ᠨᠢᠭᠡ ᠶᠠᠪᠤᠳᠠᠯ︾ ᠢ ᠥᠨᠳᠥᠷ ᠪᠦᠲᠦᠮᠵᠢᠲᠡᠶ ᠪᠠᠷ ᠰᠠᠶᠢᠳᠤᠷ ᠬᠢᠬᠦ︔ ᠢᠲᠡᠭᠡᠮᠵᠢ ᠶᠢ | ᠰᠡᠷᠭᠦᠭᠡᠬᠦ ᠠᠵᠢᠯ ᠤᠨ ᠡᠮᠦᠨᠡᠬᠢ᠂ ᠠᠵᠢᠯ ᠤᠨ ᠳᠤᠮᠳᠠᠬᠢ᠂ ᠠᠵᠢᠯ ᠤᠨ ᠳᠠᠷᠠᠭᠠᠬᠢ ᠭᠤᠷᠪᠠᠨ ᠵᠠᠩᠭᠢᠯᠠᠭ᠎ᠠ ᠶᠢᠨ ᠴᠡᠭ ᠢ | ᠰᠠᠶᠢᠲᠤᠷ ᠠᠳᠬᠤᠬᠤ︔ ᠭᠤᠷᠪᠠᠨ ᠶᠡᠭᠡ ᠰᠡᠷᠡᠮᠵᠢᠯᠡᠭᠦᠯᠦᠯ᠂ ᠭᠤᠷᠪᠠᠨ ᠲᠠᠯ᠎ᠠ ᠶᠢᠨ ᠬᠦᠴᠦᠨ ᠢ ᠲᠥᠪᠯᠡᠷᠡᠭᠦᠯᠬᠦ᠂ | ᠭᠤᠷᠪᠠᠨ ᠲᠠᠯ᠎ᠠ ᠪᠠᠷ ᠰᠢᠯᠢᠳᠡᠭᠵᠢᠬᠦᠯᠬᠦ ᠢᠳᠡᠭᠡᠮᠵᠢ ᠶᠢ ᠰᠡᠷᠬᠦᠭᠡᠬᠦ ᠠᠵᠢᠯ ᠢ ᠰᠠᠶᠢᠳᠤᠷ ᠠᠳᠬᠤᠵᠦ᠂ ᠨᠢᠭᠡᠨᠳᠡ | 3335 ᠵᠠᠬ᠎ᠠ ᠲᠡᠯᠭᠡᠬᠦᠷ ᠤᠨ ᠭᠤᠤᠯ ᠴᠤᠭᠴᠠ ᠶᠢ ᠬᠠᠪᠰᠤᠷᠤᠨ ᠢᠳᠡᠭᠡᠮᠵᠢ ᠶᠢ ᠨᠢ ᠰᠡᠷᠬᠦᠭᠡᠵᠦ᠂ ᠠᠮᠢᠵᠢᠷᠠᠯ ᠤᠨ | ᠬᠦᠴᠦᠨ ᠲᠠᠢ ᠪᠤᠯᠭᠠᠵᠠᠢ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ︽ᠢᠲᠡᠭᠡᠮᠵᠢ ᠶᠢᠨ ᠤᠬᠠᠭᠤᠯᠭ᠎ᠠ᠂ | ᠢᠲᠡᠭᠡᠮᠵᠢ ᠶᠢᠨ ᠰᠡᠷᠭᠦᠭᠡᠯᠲᠡ ᠶᠢᠨ ᠵᠢᠯᠣᠭᠤᠳᠤᠮᠵᠢ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ︾ ᠭᠤᠷᠪᠠᠨ | ᠶᠡᠭᠡ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠳᠤ | ︽ᠵᠠᠰᠠᠭ ᠵᠠᠬᠢᠷᠭᠠᠨ ᠤ ᠲᠤᠷᠭᠠᠭᠤᠯᠢ ᠶᠢᠨ ᠲᠤᠭᠳᠠᠭᠠᠯ ᠤᠨ ᠪᠢᠴᠢᠭ︾ ᠢ ᠬᠦᠷᠭᠡᠬᠦ ᠶᠢᠨ ᠲᠠᠭᠠᠤ ᠢᠳᠡᠭᠡᠮᠵᠢ ᠶᠢ | ᠰᠡᠷᠬᠦᠭᠡᠬᠦ ᠠᠯᠬᠤᠮ ᠶᠠᠪᠤᠴᠠ ᠶᠢᠨ ᠲᠤᠬᠠᠢ ᠵᠢᠯᠤᠭᠤᠳᠤᠯᠭ᠎ᠠ ᠬᠠᠩᠭᠠᠪᠠ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠰᠡᠷᠡᠮᠵᠢᠯᠡᠭᠦᠯᠦᠯ ᠢ ᠴᠢᠩᠭᠠᠳᠬᠠᠵᠤ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ | ᠭᠤᠤᠯ ᠴᠤᠭᠴᠠ ᠶᠢ ︽ᠦᠨᠡᠨᠴᠢ ᠢᠳᠡᠭᠡᠮᠵᠢᠳᠡᠢ ᠪᠠᠷ ᠡᠵᠡᠩᠨᠡᠬᠦ ᠠᠮᠠᠯᠠᠯᠳᠠ ᠶᠢᠨ ᠪᠢᠴᠢᠭ︾ ᠲᠤ ᠭᠠᠷ ᠤᠨ ᠦᠰᠦᠭ | ᠵᠢᠷᠤᠬᠤ ᠪᠠᠷ ᠱᠠᠭᠠᠷᠳᠠᠵᠦ᠂ ︽ᠲᠦᠭᠰᠢᠭᠦᠷᠢ ᠶᠢᠨ ᠰᠠᠨᠠᠭᠤᠯᠤᠮᠵᠢ + ᠦᠢᠯᠡᠴᠢᠯᠡᠭᠡᠨ ᠤ ᠴᠣᠩᠬᠤ ᠪᠠᠷ ᠮᠡᠳᠡᠭᠳᠡᠬᠦ︾ | ᠳᠣᠲᠣᠨᠣ ᠦᠢᠯᠡᠴᠢᠯᠡᠭᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠢᠲᠡᠭᠡᠯ ᠢᠶᠠᠨ ᠠᠯᠳᠠᠬᠤ ᠲᠦᠭᠰᠢᠭᠦᠷᠢ ᠶᠢ ᠡᠬᠢ | ᠡᠭᠦᠰᠦᠯ ᠠᠴᠠ ᠨᠢ ᠰᠡᠷᠭᠡᠶᠢᠯᠡᠵᠦ᠂ ᠵᠠᠬ᠎ᠠ ᠲᠡᠯᠭᠡᠬᠦᠷ ᠤᠨ ᠭᠤᠤᠯ ᠴᠤᠭᠴᠠ ᠶᠢᠨ ᠡᠷᠡᠬᠦᠯ ᠢᠶᠠᠷ ᠬᠦᠭᠵᠢᠬᠦ ᠶᠢ | ᠪᠠᠳᠤᠯᠠᠵᠦ ᠪᠠᠶᠢᠨ᠎ᠠ᠃ | ︽ᠮᠠᠰᠢ ᠣᠯᠠᠨ ᠠᠵᠤ ᠠᠬᠤᠶᠢᠯᠠᠯ ᠤᠨ ᠤ ᠮᠡᠳᠡᠭᠦᠯᠦᠯᠲᠡ ᠬᠢᠭᠰᠡᠨ ᠦᠭᠡᠶ ᠠᠴᠠ ᠬᠡᠪ ᠤᠨ ᠪᠤᠰᠤ | ᠡᠵᠡᠩᠨᠡᠯᠲᠡ ᠶᠢᠨ ᠨᠡᠷᠡᠰ ᠤᠨ ᠵᠢᠭᠰᠠᠭᠠᠯᠲᠠ ᠳᠤ ᠤᠷᠤᠭᠰᠠᠨ ᠪᠤᠶᠤ ᠴᠢᠨᠠᠭᠰᠢᠯᠠᠭᠠᠳ ᠬᠦᠨᠳᠦ ᠨᠣᠴᠢᠲᠠᠶ ᠢᠲᠡᠭᠡᠯ | ᠠᠯᠳᠠᠭᠰᠠᠨ ᠨᠡᠷᠡᠰ ᠤᠨ ᠵᠢᠭᠰᠠᠭᠠᠯᠲᠠ ᠳᠤ ᠣᠷᠣᠭᠠᠳ ᠣᠯᠠᠨ ᠵᠢᠯ ᠪᠣᠯᠵᠤ᠂ ᠠᠵᠦ ᠠᠬᠤᠶᠢᠯᠠᠯ ᠤᠳ ᠦᠪᠡᠷ ᠤᠨ | ᠪᠠᠶᠢᠳᠠᠯ ᠢᠶᠠᠨ ᠦᠴᠦᠭᠡᠨ ᠴᠤ ᠮᠡᠳᠡᠬᠦ ᠦᠭᠡᠢ ᠪᠠᠶᠢᠨ᠎ᠡ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠳᠦ | ᠬᠤᠰᠢᠭᠤᠨ ᠤ ᠵᠠᠬ᠎ᠠ ᠲᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠶᠢᠨ ᠢᠳᠡᠭᠡᠮᠵᠢ ᠪᠤᠯᠤᠨ ᠰᠦᠯᠵᠢᠶᠡᠨ | ᠠᠷᠠᠯᠵᠢᠶ᠎ᠡ ᠶᠢᠨ ᠬᠢᠨᠠᠨ ᠬᠠᠮᠢᠶᠠᠷᠤᠯᠳᠠ ᠶᠢᠨ ᠲᠠᠰᠤᠭ ᠤᠨ ᠬᠠᠷᠢᠭᠤᠴᠠᠯᠭᠠᠳᠠᠨ ᠤᠤ ᠸᠧᠨ ᠰᠢᠦ ᠲᠠᠨᠢᠯᠴᠠᠭᠤᠯᠤᠨ | ᠬᠡᠯᠡᠨ᠎ᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠢᠲᠡᠭᠡᠮᠵᠢ ᠶᠢᠨ ᠰᠠᠨᠠᠭᠤᠯᠭ᠎ᠠ ᠬᠢᠬᠦ ᠳᠤ ᠬᠦᠴᠦ ᠪᠠᠨ ᠲᠥᠪᠯᠡᠷᠡᠭᠦᠯᠬᠦ ᠶᠢᠨ ᠬᠠᠮᠳᠦ ᠲᠤᠬᠠᠶᠢᠯᠠᠭᠰᠠᠨ | ᠠᠵᠢᠯ ᠢᠶᠠᠨ ᠪᠦᠬᠦ ᠲᠠᠯ᠎ᠠ ᠪᠠᠷ ᠰᠦᠯᠵᠢᠶᠡᠨ ᠲᠠᠪᠴᠠᠩ ᠳᠤ ᠰᠢᠯᠵᠢᠬᠦᠯᠵᠦ᠂ ᠰᠦᠯᠵᠢᠶ᠎ᠡ ᠪᠠᠷ ᠭᠦᠢᠴᠡᠳᠭᠡᠬᠦ ᠶᠢ | ᠪᠡᠶᠡᠯᠡᠬᠦᠯᠪᠡ᠃ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠵᠠᠬ᠎ᠠ | ᠳᠡᠯᠭᠡᠭᠦᠷ ᠤᠨ ᠭᠤᠤᠯ ᠴᠣᠭᠴᠠ ᠳᠤ ᠴᠢᠭᠯᠡᠭᠦᠯᠦᠨ᠂ ᠰᠠᠨᠠᠭᠠᠴᠢᠯᠠᠭ᠎ᠠ ᠠᠴᠠ ᠪᠠᠨ ︽ᠢᠲᠡᠭᠡᠮᠵᠢ ᠶᠢᠨ | ᠰᠡᠷᠭᠦᠭᠡᠯᠲᠡ ᠶᠢᠨ ᠡᠳᠦᠷ ᠤᠨ ᠰᠠᠨᠠᠭᠤᠯᠤᠮᠵᠢ ᠶᠢᠨ ᠵᠠᠬᠢᠳᠠᠯ︾ ᠶᠠᠪᠤᠭᠤᠯᠵᠤ᠂ ᠠᠵᠤ ᠠᠬᠤᠶᠢᠯᠠᠯ ᠭᠤᠶᠤᠴᠢᠯᠠᠯ | ᠲᠡᠪᠰᠢᠬᠦᠯᠵᠦ ᠢᠳᠡᠭᠡᠮᠵᠢ ᠶᠢᠨ ᠰᠡᠷᠬᠦᠭᠡᠯᠳᠡ ᠬᠢᠵᠦ ᠪᠠᠶᠢᠭᠰᠠᠨ ᠠᠴᠠ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ | ᠬᠠᠩᠭᠠᠬᠤ ᠪᠤᠯᠭᠠᠵᠠᠢ᠃ ᠪᠠᠰᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠤᠶᠢᠳᠠ ᠪᠥᠭᠯᠡᠭᠦᠤ ᠰᠤᠮᠤ | ᠰᠢᠶᠠᠩ ᠪᠠᠯᠭᠠᠰᠤᠨ ᠳᠤ ᠠᠷᠠᠳ ᠲᠤ ᠲᠥᠬᠦᠮ ᠦᠵᠡᠭᠦᠯᠬᠦ 12 ᠦᠢᠯᠡᠴᠢᠯᠡᠭᠡᠨ ᠤ ᠥᠷᠲᠡᠭᠡ ᠪᠠᠶᠢᠭᠤᠯᠵᠤ᠂ | ᠨᠠᠮ ᠤᠨ ᠭᠡᠰᠢᠭᠦᠨ ᠤ ᠬᠤᠰᠢᠭᠤᠴᠢ ᠠᠩᠭᠢ ᠶᠢ ᠵᠣᠬᠢᠶᠠᠨ ᠪᠠᠶᠢᠭᠤᠯᠵᠤ᠂ ᠵᠡᠮᠳᠡᠭ ᠡᠵᠡᠩᠨᠡᠭᠴᠢ᠂ ᠨᠠᠰᠦ ᠠᠬᠢᠭᠰᠠᠨ | ᠦᠢᠯᠡᠰ ᠪᠤᠰᠬᠠᠭᠴᠢ ᠵᠡᠷᠭᠡ ᠤᠨᠴᠠᠭᠠᠢ ᠬᠦᠮᠦᠰ ᠲᠤ ᠭᠡᠷ ᠲᠤᠨᠢ ᠬᠦᠷᠴᠦ ᠦᠢᠯᠡᠴᠢᠯᠡᠭᠡ ᠬᠠᠩᠭᠠᠵᠦ᠂ ᠢᠳᠡᠭᠡᠮᠵᠢ ᠶᠢ | ᠰᠡᠷᠬᠦᠭᠡᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠪᠡ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠲᠣᠪᠴᠢᠶ᠎ᠠ ᠪᠠᠰᠠ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠪᠠ ᠬᠦᠨᠳᠦ ᠨᠣᠴᠢᠲᠠᠶ ᠬᠠᠤᠯᠢ | ᠵᠥᠷᠢᠴᠡᠵᠦ ᠢᠲᠡᠭᠡᠯ ᠠᠯᠳᠠᠭᠰᠠᠨ ᠨᠡᠷᠡᠰ ᠤᠨ ᠬᠠᠮᠢᠶᠠᠷᠤᠯᠲᠠ ᠶᠢᠨ ᠲᠦᠷᠢᠮ ᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠭᠠᠶᠢᠯᠢ ᠶᠢᠨ ᠶᠠᠪᠤᠳᠠᠯ᠂ ᠮᠥᠩᠭᠦᠨ ᠭᠦᠢᠯᠭᠡᠭᠡ ᠵᠡᠷᠭᠡ ᠣᠯᠠᠨ ᠰᠠᠯᠠᠭ᠎ᠠ ᠮᠥᠴᠢᠷ ᠲᠠᠢ | ᠬᠤᠯᠪᠣᠭᠠᠯᠠᠨ᠂ ᠬᠦᠷᠢᠶ᠎ᠡ ᠠᠯᠤᠰᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠪᠠ᠃ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ᠂ ᠢᠲᠡᠭᠡᠮᠵᠢ | ᠬᠡᠪ ᠤᠨ ᠪᠤᠰᠤ ᠪᠤᠯᠤᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠨᠡᠶᠢᠳᠡᠯᠡᠵᠦ᠂ ︽ᠨᠢᠭᠡ ᠲᠠᠯ᠎ᠠ ᠪᠠᠷ | ᠢᠲᠡᠭᠡᠯ ᠠᠯᠳᠠᠪᠠᠯ᠂ ᠠᠯᠢᠪᠠ ᠠᠵᠢᠯ ᠨᠢ ᠬᠢᠵᠠᠭᠠᠷᠯᠠᠭᠳᠠᠬᠤ︾ ᠬᠦᠴᠦᠷᠬᠡᠭ ᠶᠡᠭᠡ ᠰᠦᠷᠳᠡᠭᠦᠯᠬᠦ ᠬᠦᠴᠦᠨ ᠢ ᠪᠣᠶ | ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠠᠨᠠᠭᠠᠴᠢᠯᠠᠭ᠎ᠠ ᠠᠴᠠ ᠪᠠᠨ ᠦᠨᠡᠨᠴᠢ ᠢᠲᠡᠭᠡᠮᠵᠢᠲᠡᠶ ᠪᠠᠷ | ᠡᠵᠡᠩᠨᠡᠯᠳᠡ ᠬᠢᠬᠦ ᠪᠤᠯᠭᠠᠵᠠᠢ᠃ | ︽ᠢᠲᠡᠭᠡᠮᠵᠢ ᠰᠠᠶᠢᠲᠠᠶ ᠪᠠᠶᠢᠬᠤ ᠨᠢ ᠠᠵᠤ ᠠᠬᠤᠶᠢᠯᠠᠯ ᠤᠨ ︿ᠠᠯᠲᠠᠨ ᠦᠰᠦᠭᠲᠦ ᠫᠠᠶᠢᠰᠠ﹀ ᠪᠤᠯᠬᠤ ᠪᠠᠷ | ᠪᠠᠷᠠᠬᠤ ᠦᠭᠡᠢ ᠨᠡᠩ ᠴᠤ ᠦᠨᠡᠨ ᠪᠣᠳᠠᠲᠠᠶ ᠪᠠᠯᠠ ᠮᠥᠩᠭᠦᠨ ᠤ ᠳᠡᠮᠵᠢᠯᠭᠡ ᠪᠣᠯᠬᠤ ᠶᠤᠮ︕ ᠡᠨᠡ ᠤᠳᠠᠭ᠎ᠠ ᠪᠢᠳᠡ | 25 ᠲᠦᠮᠡᠨ ᠲᠥᠭᠦᠷᠢᠭ ᠤᠨ ᠵᠢᠭᠡᠯᠡᠯᠭᠡ ᠣᠯᠵᠤ᠂ ᠵᠣᠴᠢᠳ ᠤᠨ ᠪᠠᠭᠤᠳᠠᠯ ᠤᠨ ᠲᠠᠰ ᠳᠡᠪᠰᠢᠭᠦᠯᠦᠨ ᠥᠭᠡᠷᠡᠴᠢᠯᠡᠬᠦ | ᠪᠡᠯᠡ ᠮᠦᠩᠬᠦ ᠲᠤᠳᠠᠭᠳᠠᠬᠤ ᠪᠠᠶᠢᠳᠠᠯ ᠢ ᠰᠢᠢᠳᠪᠦᠷᠢᠯᠡᠵᠡᠶ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠶᠢᠨ ᠴᠧᠩ ᠰᠢ ᠱᠠᠩ ᠵᠤᠴᠢᠳ ᠤᠨ ᠪᠠᠭᠤᠳᠠᠯ ᠤᠨ ᠬᠠᠷᠢᠭᠤᠴᠠᠯᠭᠠᠳᠠᠨ ᠵᠠᠩ ᠷᠦᠢ ᠹᠧᠩ ᠬᠡᠯᠡᠵᠦ | ᠪᠠᠶᠢᠯ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠵᠤ ᠠᠬᠤᠶᠢᠯᠠᠯ ᠤᠨ ᠢᠲᠡᠭᠡᠮᠵᠢ ᠶᠢᠨ ︽ᠨᠡᠷᠡᠰ ᠤᠨ ᠴᠠᠭᠠᠨ ᠲᠠᠩᠰᠠ︾᠂ ︽ᠬᠤᠪᠢ ᠶᠢᠨ | ᠢᠲᠡᠭᠡᠮᠵᠢᠲᠦ ᠵᠢᠭᠡᠯᠡᠯᠭᠡ︾ ︽ᠢᠲᠡᠭᠡᠮᠵᠢ + ᠰᠢᠯᠢᠳᠡᠭ ᠢ ᠰᠢᠯᠭᠠᠷᠠᠭᠤᠯᠬᠤ︾ ᠭᠤᠷᠪᠠᠨ ᠢᠲᠡᠭᠡᠮᠵᠢ ᠶᠢ ᠰᠡᠷᠭᠦᠭᠡᠬᠦ | ᠬᠡᠷᠡᠭᠯᠡᠭᠡᠨ ᠤ ᠲᠠᠯᠠᠪᠤᠷ ᠢ ᠢᠳᠡᠪᠬᠢᠲᠡᠶ ᠪᠠᠶᠢᠭᠤᠯᠵᠤ᠂ ᠢᠲᠡᠭᠡᠮᠵᠢ ᠲᠠᠢ ᠠᠵᠤ ᠠᠬᠤᠶᠢᠯᠠᠯ ᠳᠤ ᠮᠥᠩᠭᠦᠨ | ᠭᠦᠢᠯᠭᠡᠭᠡᠨ ᠤ ᠦᠢᠯᠡᠳᠬᠦᠨ ᠤ ᠬᠦᠤ ᠮᠥᠩᠭᠦ ᠶᠢᠨ ᠨᠣᠷᠮ᠎ᠠ ᠶᠢᠨ ᠬᠠᠷᠠᠭᠠᠯᠵᠠᠯ ᠬᠦᠷᠳᠡᠭᠡᠬᠦ ᠵᠡᠷᠭᠡ ᠲᠦᠷᠦ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠵᠤ᠂ ᠦᠨᠡᠨᠴᠢ ᠢᠲᠡᠭᠡᠮᠵᠢ ᠵᠢᠱᠢᠶᠡᠴᠢ ᠠᠵᠦ ᠠᠬᠤᠶᠢᠯᠠᠯ ᠤᠨ ᠦᠯᠢᠭᠡᠷ | ᠲᠠᠭᠤᠷᠢᠶᠠᠯ ᠪᠤᠯᠵᠦ ᠬᠦᠳᠦᠯᠦᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠨᠡᠶᠢᠭᠡᠮ ᠳᠠᠶᠠᠭᠠᠷ ᠢᠶᠠᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠥᠭᠵᠢᠭᠡᠪᠡ᠃ ︵ᠲᠤᠯᠭᠠᠭᠤᠷᠢ | ᠳ᠋ᠢᠶᠤᠤ ᠪᠦᠸᠧ ᠢᠤᠢ︶ | | | | |