| ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠤᠯᠠᠮ | ᠴᠢᠨᠠᠭᠰᠢᠳᠠ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠲᠡᠭᠡᠳᠦ ᠰᠢᠨ᠎ᠡ ᠮᠡᠷᠭᠡᠵᠢᠯ ᠤᠨ ᠠᠵᠦ ᠠᠬᠤᠶᠢᠯᠠᠯ ᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ ᠶᠢᠨ ᠲᠦᠯᠦᠭᠡ᠂ ᠤᠶᠢᠷ᠎ᠠ ᠶᠢᠨ ᠡᠳᠦᠷ ᠬᠢᠩᠭᠠᠨ ᠠᠶᠢᠮᠠᠭ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠵᠢᠴᠢ | ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠤᠨ ᠠᠩᠬᠢ ᠡᠷᠬᠢᠯᠡᠪᠡ᠃ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ | ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠲᠤᠬᠠᠶᠢᠯᠠᠭᠰᠠᠨ ᠠᠵᠢᠯ ᠤᠨ ᠠᠵᠢᠯᠲᠠᠨ ᠵᠢᠴᠢ ᠪᠥᠬᠦ ᠠᠶᠢᠮᠠᠭ ᠤᠨ ᠬᠠᠮᠢᠶ᠎ᠠ ᠪᠥᠬᠦᠶ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠳ ᠪᠣᠯᠪᠠᠰᠤᠷᠠᠯ ᠳᠤ ᠤᠷᠤᠯᠴᠠᠪᠠ᠃ | ᠲᠣᠰ ᠤᠳᠠᠭᠠᠨ ᠤ ᠪᠤᠯᠪᠠᠰᠤᠷᠠᠯ ᠳᠤ ᠥᠪᠥᠷ ᠮᠣᠩᠭᠤᠯ ᠤᠨ ᠺᠧ ᠰᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠬᠦᠳᠦᠨ ᠲᠡᠯᠭᠡᠷᠡᠬᠦᠯᠬᠦ ᠬᠢᠵᠠᠭᠠᠷᠳᠦ ᠺᠤᠮᠫᠠᠨᠢ᠂ ᠲᠤᠮᠳᠠᠳᠦ ᠤᠯᠤᠰ ᠤᠨ ᠠᠮᠢ ᠨᠠᠰᠦ ᠡᠳ᠋ | ᠬᠦᠷᠦᠩᠭᠡ ᠶᠢᠨ ᠲᠠᠭᠠᠳᠬᠠᠯ ᠤᠨ ᠬᠢᠩᠭᠠᠨ ᠬᠤᠪᠢᠶᠠᠷᠢ ᠺᠤᠮᠫᠠᠨᠢ ᠶᠢᠨ ᠲᠤᠬᠠᠶᠢᠯᠠᠭᠰᠠᠨ ᠠᠵᠢᠯ ᠤᠨ ᠲᠤᠰᠬᠠᠢ | ᠮᠡᠷᠭᠡᠵᠢᠯᠳᠡᠨ ᠵᠢᠴᠢ ᠬᠢᠩᠭᠠᠨ ᠠᠶᠢᠮᠠᠭ ᠤᠨ ᠲᠤᠬᠠᠢ ᠶᠢᠨ ᠭᠠᠵᠠᠷ ᠤᠨ ᠡᠯ᠎ᠡ ᠲᠤᠰᠬᠠᠢ ᠮᠡᠷᠭᠡᠵᠢᠯᠳᠡᠨ ᠲᠤᠬᠠᠢ ᠶᠢᠨ | ᠲᠠᠯᠠᠪᠤᠷ ᠲᠤ ᠬᠢᠴᠢᠶᠡᠯ ᠤᠷᠤᠪᠠ᠃ ᠲᠤᠰᠬᠠᠢ ᠮᠡᠷᠭᠡᠵᠢᠯᠳᠡᠨ ᠠᠴᠠ ᠲᠡᠭᠡᠳᠦ ᠰᠢᠨ᠎ᠡ ᠮᠡᠷᠭᠡᠵᠢᠯ ᠤᠨ ᠠᠵᠦ | ᠠᠬᠤᠶᠢᠯᠠᠯ ᠢ ᠦᠨᠡᠯᠡᠨ ᠲᠤᠭᠳᠠᠭᠠᠬᠤ ᠵᠢᠴᠢ ᠠᠵᠦ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠤᠰᠤᠨ ᠲᠤᠲᠤᠷᠭ᠎ᠠ ᠶᠢᠨ | ᠬᠡᠷᠡᠭᠯᠡᠭᠡᠨ ᠤ ᠮᠡᠷᠭᠡᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠯᠳᠠ | ᠬᠢᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠳᠤ | ᠬᠦᠴᠦᠨ ᠨᠡᠮᠡᠷᠢᠯᠡᠪᠡ᠃ | ︽ᠲᠤᠰ ᠤᠳᠠᠭᠠᠨ ᠤ ᠪᠤᠯᠪᠠᠰᠤᠷᠠᠯ ᠪᠤᠯ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠦᠪᠦᠷ | ᠮᠤᠩᠭᠤᠯ ᠢ ᠮᠠᠨᠳᠤᠭᠤᠯᠬᠤ﹀ ᠠᠵᠢᠯᠯᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠷᠬᠢᠯᠡᠬᠦ | ᠤᠷᠴᠢᠨ ᠨᠦᠬᠦᠴᠡᠯ ᠢ ᠰᠢᠯᠢᠳᠡᠭᠵᠢᠬᠦᠯᠬᠦ ᠴᠢᠬᠤᠯᠠ ᠠᠷᠭ᠎ᠠ ᠬᠡᠮᠵᠢᠶ᠎ᠡ ᠮᠦᠨ᠃ ᠲᠠᠷᠠᠭᠠᠴᠢ ᠪᠠᠷ᠂ ᠠᠶᠢᠮᠠᠭ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶ᠎ᠡ ᠠᠴᠠ ᠦᠷᠬᠦᠯᠵᠢᠯᠡᠨ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠦᠢᠯᠡᠴᠢᠯᠡᠬᠦ ᠶᠢ | ᠥᠷᠨᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠷᠬᠡᠭ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠵᠦ | ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠬᠦᠨ᠂ ᠲᠡᠳ᠋ ᠲᠤᠪᠴᠢᠶᠠᠨ ᠲᠠᠷᠤᠭ᠎ᠠ ᠴᠧᠨ ᠰᠢᠨ ᠢᠤᠢ ᠬᠡᠯᠡᠵᠦ ᠪᠠᠶᠢᠯ᠎ᠠ᠃ ︵ᠰᠠᠷᠠᠨ᠎ᠠ︶ | | |