| ᠨᠠᠰᠦᠳᠠᠳ ᠢ ᠬᠦᠨᠳᠦᠯᠡᠨ ᠨᠠᠰᠦᠳᠠᠳ ᠢᠶᠠᠨ ᠬᠠᠶᠢᠷᠠᠯᠠᠬᠤ ᠤᠯᠠᠮᠵᠢᠯᠠᠯᠳᠤ ᠰᠤᠷᠳᠠᠯ ᠢ ᠪᠠᠳᠠᠷᠠᠭᠤᠯᠵᠦ᠂ | ᠨᠠᠰᠦᠳᠠᠶᠢᠴᠤᠳ ᠤᠨ ᠡᠷᠡᠬᠦᠯ ᠮᠡᠨᠳᠤ ᠶᠢᠨ ᠪᠠᠶᠢᠳᠠᠯ ᠢ ᠦᠨᠡᠨᠬᠦ ᠬᠠᠯᠠᠮᠵᠢᠯᠠᠬᠤ ᠶᠢᠨ ᠲᠦᠯᠦᠬᠡ᠂ ᠤᠶᠢᠷ᠎ᠠ ᠶᠢᠨ ᠡᠳᠦᠷ | ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠨᠠᠮ ᠤᠨ ᠶᠡᠷᠦᠩᠭᠡᠢ ᠡᠬᠦᠷ ᠤᠨ ᠬᠢᠨ ᠡᠮᠨᠡᠯᠬᠡ ᠶᠢᠨ | ᠬᠤᠷᠢᠶ᠎ᠠ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠪᠦᠯᠬᠦᠮ ᠢᠶᠠᠨ ᠵᠤᠬᠢᠶᠠᠨ ᠪᠠᠶᠢᠭᠤᠯᠵᠦ᠂ ᠬᠢᠨᠭ᠍ᠭᠠᠨ ᠠᠶᠢᠮᠠᠭ ᠤᠨ | ᠢᠷᠠᠭᠤ ᠠᠯᠳᠠᠷᠳᠠᠨ ᠤ ᠬᠦᠷᠢᠶᠡᠯᠡᠩ ᠢᠶᠠᠷ ᠬᠦᠷᠴᠦ᠂ ᠨᠠᠰᠦᠳᠠᠶᠢᠴᠤᠳ ᠢ ᠬᠠᠯᠠᠮᠵᠢᠯᠠᠬᠤ ᠰᠠᠶᠢᠨ ᠲᠤᠷ᠎ᠠ ᠶᠢᠨ | ᠦᠢᠯᠡᠴᠢᠯᠡᠬᠡᠨ ᠤ ᠠᠵᠢᠯᠯᠠᠭ᠎ᠠ ᠦᠷᠨᠢᠬᠦᠯᠵᠦ᠂ ᠨᠠᠰᠦᠳᠠᠶᠢᠴᠤᠳ ᠲᠤ ᠲᠤᠰᠬᠠᠢ ᠮᠡᠷᠬᠡᠵᠢᠯ ᠤᠨ ᠡᠮᠴᠢᠯᠡᠬᠡᠨ ᠤ | ᠦᠢᠯᠡᠴᠢᠯᠡᠭᠡ ᠪᠠ ᠬᠠᠶᠢᠷ᠎ᠠ ᠬᠠᠯᠠᠮᠵᠢ ᠬᠦᠷᠳᠡᠬᠡᠵᠠᠢ᠃ | ᠠᠯᠪᠠᠨ ᠵᠢᠷᠦᠮ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠦᠷ ᠲᠤ᠂ ᠬᠤᠳᠤᠭᠤᠳᠤ ᠲᠡᠯᠢᠬᠦᠦ ᠶᠢᠨ | ᠡᠪᠡᠳᠴᠢᠨ ᠤ ᠰᠠᠯᠠᠭ᠎ᠠ ᠶᠢᠨ ᠲᠤᠩᠭᠠᠯᠠᠭ ᠡᠮᠴᠢ ᠪᠤᠯᠤᠨ ᠢᠯᠡᠷᠡᠬᠡᠳᠦᠢ ᠡᠪᠡᠳᠴᠢᠨ ᠤ ᠲᠦᠪ ᠤᠨ ᠡᠤ ᠪᠠᠶᠠᠷ ᠡᠮᠴᠢ | ᠨᠠᠰᠦᠳᠠᠶᠢᠴᠤᠳ ᠤᠨ ᠪᠡᠶ᠎ᠡ ᠶᠢᠨ ᠪᠠᠶᠢᠳᠠᠯ᠂ ᠡᠳᠦᠷ ᠲᠤᠳᠤᠮ ᠤᠨ ᠢᠳᠡᠬᠡᠨ ᠤᠮᠳᠠᠭᠠᠨ ᠪᠠ ᠡᠪᠡᠳᠴᠢᠨ ᠤ ᠲᠡᠤᠬᠡ ᠶᠢ | ᠨᠠᠷᠢᠨ ᠠᠰᠠᠭᠤᠨ ᠯᠠᠪᠯᠠᠵᠠᠢ᠃ ᠬᠤᠳᠤᠭᠤᠳᠤ ᠲᠡᠯᠢᠬᠦᠦ ᠶᠢᠨ ᠡᠪᠡᠳᠴᠢᠨ ᠤ ᠰᠠᠯᠠᠭ᠎ᠠ ᠶᠢᠨ ᠡᠮᠴᠢ | ᠨᠠᠰᠦᠳᠠᠶᠢᠴᠤᠳ ᠲᠤ ᠦᠷᠬᠦᠯᠵᠢ ᠲᠤᠬᠢᠶᠠᠯᠳᠤᠬᠤ ᠰᠢᠩᠭᠡᠭᠡᠯᠳᠡ ᠮᠠᠭᠤ᠂ ᠬᠤᠳᠤᠭᠤᠳᠤ ᠡᠪᠡᠳᠬᠦ᠂ ᠬᠤᠷᠭᠤᠰᠤᠯᠠᠬᠤ | ᠵᠡᠷᠭᠡ ᠠᠰᠠᠭᠤᠳᠠᠯ ᠳᠤ ᠴᠢᠭᠯᠡᠬᠦᠯᠦᠨ᠂ ᠡᠪᠡᠳᠴᠢᠨ ᠤ ᠪᠠᠶᠢᠳᠠᠯ ᠳᠤ ᠵᠠᠳᠠᠯᠦᠯᠳᠠ ᠬᠢᠵᠦ ᠦᠪᠡᠷᠮᠢᠴᠢᠯᠡᠭᠰᠡᠨ | ᠤᠨᠤᠰᠢᠯᠠᠨ ᠵᠠᠰᠠᠬᠤ ᠰᠠᠨᠠᠭᠤᠯᠭ᠎ᠠ ᠪᠠ ᠡᠮ ᠬᠡᠷᠡᠭᠯᠡᠬᠦ ᠵᠢᠯᠤᠭᠤᠳᠤᠯᠭ᠎ᠠ ᠬᠠᠨᠭ᠍ᠭᠠᠵᠠᠢ᠃ | ᠡᠬᠦᠨ ᠤ ᠬᠠᠮᠳᠤ᠂ ᠪᠠᠰᠠ ᠨᠠᠰᠦᠳᠠᠶᠢᠴᠤᠳ ᠲᠤ ᠬᠤᠳᠤᠭᠤᠳᠤ ᠲᠡᠯᠢᠬᠦᠦ ᠶᠢ ᠵᠤᠬᠢᠴᠠᠭᠤᠯᠬᠤ ᠲᠦᠬᠦᠮ | ᠪᠦᠳᠦᠮᠵᠢᠳᠡᠢ ᠠᠷᠭ᠎ᠠ ᠶᠢ ᠲᠠᠨᠢᠯᠴᠠᠭᠤᠯᠵᠠᠢ᠃ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠰᠠᠶᠢᠨ | ᠲᠤᠷ᠎ᠠ ᠶᠢᠨ ᠦᠢᠯᠡᠴᠢᠯᠡᠬᠡᠨ ᠤ ᠪᠦᠯᠬᠦᠮ ᠲᠤᠰ ᠤᠳᠠᠭᠠᠨ ᠤ ᠠᠯᠪᠠᠨ ᠵᠢᠷᠦᠮ ᠤᠨ ᠠᠵᠢᠯᠯᠠᠭ᠎ᠠ ᠪᠠᠷ ᠲᠠᠮᠵᠢᠭᠤᠯᠤᠨ᠂ | ᠨᠠᠰᠦᠳᠠᠶᠢᠴᠤᠳ ᠤᠨ ᠡᠷᠡᠬᠦᠯ ᠮᠡᠨᠳᠤ ᠶᠢᠨ ᠰᠠᠷᠬᠡᠶᠢᠯᠡᠯᠳᠡ ᠶᠢᠨ ᠱᠤᠭᠤᠮ ᠢ ᠪᠠᠬᠢᠵᠢᠬᠦᠯᠦᠨ᠂ ᠨᠠᠰᠦᠳᠠᠶᠢᠴᠤᠳ ᠲᠤ | ᠬᠠᠶᠢᠷ᠎ᠠ ᠬᠠᠯᠠᠮᠵᠢ ᠬᠦᠷᠬᠡᠵᠡᠢ᠃ ᠡᠮᠨᠡᠯᠬᠡ ᠶᠢᠨ ᠬᠤᠷᠢᠶ᠎ᠠ ᠶᠢᠨ ᠬᠢᠨ ᠪᠤᠳᠠᠳᠠᠢ ᠦᠢᠯᠡ ᠠᠵᠢᠯᠯᠠᠭ᠎ᠠ ᠪᠠᠷ ᠢᠶᠠᠨ | ᠨᠡᠶᠢᠬᠡᠮ ᠤᠨ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠦ᠂ ᠤᠯᠠᠨ ᠲᠦᠮᠡᠨ ᠤ ᠡᠷᠡᠬᠦᠯ ᠮᠡᠨᠳᠤ ᠶᠢ ᠰᠠᠬᠢᠬᠤ ᠳᠤ | ᠦᠷᠬᠦᠯᠵᠢᠯᠡᠨ ᠬᠦᠴᠦᠨ ᠨᠡᠮᠡᠷᠢᠯᠡᠬᠦ ᠪᠤᠯᠤᠨ᠎ᠠ᠃ ︵ᠰᠡᠷᠬᠦᠯᠡᠩ︶ |