ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠲᠠᠮᠠᠬᠢ ᠲᠠᠳᠠᠬᠤ ᠶᠢ ᠴᠠᠭᠠᠵᠠᠯᠠᠬᠤ ᠮᠡᠳᠡᠯᠬᠡ ᠶᠢ ᠰᠤᠷᠭᠠᠭᠤᠯᠢ ᠶᠢᠨ ᠬᠦᠷᠢᠶᠡᠨ ᠳᠤ ᠬᠦᠷᠬᠡᠪᠡ
ᠨᠡᠶᠢᠲᠡᠯᠡᠭᠰᠡᠨ ᠴᠠᠭ᠄
2025/6/10
        ᠲᠠᠮᠠᠬᠢ ᠲᠠᠳᠠᠬᠤ ᠶᠢ ᠰᠡᠷᠬᠡᠶᠢᠯᠡᠬᠦ ᠤᠬᠠᠭᠤᠯᠭ᠎ᠠ ᠬᠦᠮᠦᠵᠢᠯ ᠢ ᠬᠦᠨᠵᠡᠬᠡᠶᠢᠷᠡᠬᠦᠯᠵᠦ᠂ ᠵᠠᠯᠠᠭᠤᠴᠤᠳ ᠪᠠᠭᠠᠴᠤᠳ ᠤᠨ ᠲᠠᠮᠠᠬᠢ ᠲᠠᠳᠠᠬᠤ ᠶᠢ ᠰᠡᠷᠬᠡᠶᠢᠯᠡᠬᠦ ᠲᠤᠤᠷ ᠢ ᠢᠳᠡᠪᠬᠢᠳᠡᠢ ᠪᠠᠶᠢᠭᠤᠯᠵᠦ ᠲᠠᠮᠠᠬᠢ ᠦᠬᠡᠢ ᠦᠰᠦᠨ ᠪᠤᠶᠢᠵᠢᠯᠳᠠ ᠶᠢᠨ ᠤᠷᠴᠢᠨ ᠢ ᠪᠦᠷᠢᠯᠳᠦᠬᠦᠯᠬᠦ ᠶᠢᠨ ᠲᠦᠯᠦᠬᠡ᠂ ᠤᠶᠢᠷ᠎ᠠ ᠳᠤ ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠲᠦᠴᠢᠤᠸᠠᠨ ᠰᠢᠶᠠᠨ ᠤ ᠡᠷᠡᠬᠦᠯ ᠬᠠᠮᠠᠭᠠᠯᠠᠯ ᠤᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠲᠦᠪ ᠲᠠᠢ ᠬᠠᠮᠳᠤᠷᠠᠨ ᠲᠦᠴᠢᠤᠸᠠᠨ ᠰᠢᠶᠠᠨ ᠤ ᠭᠤᠷᠪᠠᠳᠤᠭᠠᠷ ᠲᠤᠮᠳᠠᠳᠤ ᠰᠤᠷᠭᠠᠭᠤᠯᠢ ᠪᠠ ᠬᠤᠶᠠᠳᠤᠭᠠᠷ ᠲᠤᠮᠳᠠᠳᠤ ᠰᠤᠷᠭᠠᠭᠤᠯᠢ ᠳᠤ ᠬᠦᠨᠵᠡᠬᠡᠶᠢᠷᠡᠨ ᠲᠠᠮᠠᠬᠢ ᠲᠠᠳᠠᠬᠤ ᠶᠢ ᠰᠡᠷᠬᠡᠶᠢᠯᠡᠬᠦ ᠲᠤᠰᠬᠠᠢ ᠰᠡᠳᠤᠪᠳᠤ ᠰᠠᠭᠤᠳᠠᠯ ᠤᠨ ᠬᠤᠷᠠᠯ ᠡᠷᠬᠢᠯᠡᠵᠡᠢ᠃        ᠠᠵᠢᠯᠯᠠᠭ᠎ᠠ ᠶᠢᠨ ᠠᠬᠤᠢ ᠲᠠᠯᠠᠪᠠᠢ ᠳᠤ᠂ ᠲᠦᠴᠢᠤᠸᠠᠨ ᠰᠢᠶᠠᠨ ᠤ ᠡᠷᠡᠬᠦᠯ ᠬᠠᠮᠠᠭᠠᠯᠠᠯ ᠤᠨ ᠰᠤᠷᠭᠠᠨ ᠬᠦᠮᠦᠵᠢᠯ ᠤᠨ ᠦᠢᠯᠡᠴᠢᠯᠡᠬᠡᠨ ᠤ ᠲᠦᠪ ᠤᠨ ᠪᠠᠭᠰᠢ ᠠᠴᠠ ᠭᠤᠤᠯ ᠰᠡᠳᠤᠪᠳᠤ ᠡᠷᠡᠬᠦᠯ ᠮᠡᠨᠳᠤ ᠶᠢᠨ ᠮᠡᠳᠡᠯᠬᠡ ᠶᠢᠨ ᠤᠬᠠᠭᠤᠯᠭ᠎ᠠ ᠬᠢᠵᠦ᠂ ᠨᠠᠪᠴᠢᠨ ᠲᠠᠮᠠᠬᠢ ᠶᠢᠨ ᠬᠤᠤᠷ ᠬᠦᠨᠦᠬᠡᠯ᠂ ᠵᠠᠯᠠᠭᠤᠴᠤᠳ ᠪᠠᠭᠠᠴᠤᠳ ᠤᠨ ᠲᠠᠮᠠᠬᠢ ᠲᠠᠳᠠᠬᠤ ᠰᠢᠯᠳᠠᠭᠠᠨ ᠤ ᠲᠤᠬᠠᠢ ᠵᠠᠳᠠᠯᠦᠯᠳᠡ᠂ ᠲᠠᠮᠠᠬᠢ ᠲᠠᠳᠠᠬᠤ ᠶᠢ ᠲᠡᠪᠴᠢᠬᠦ ᠠᠷᠭ᠎ᠠ᠂ ᠰᠤᠷᠭᠠᠭᠤᠯᠢ ᠶᠢᠨ ᠬᠦᠷᠢᠶᠡᠨ ᠤ ᠲᠠᠮᠠᠬᠢ ᠦᠬᠡᠢ ᠠᠵᠢᠯᠯᠠᠭ᠎ᠠ ᠵᠡᠷᠭᠡ ᠡᠷᠡᠬᠦᠯ ᠮᠡᠨᠳᠤ ᠶᠢᠨ ᠮᠡᠳᠡᠯᠬᠡ ᠶᠢ ᠤᠯᠠᠮᠵᠢᠯᠠᠵᠠᠢ᠃ ᠡᠷᠡᠬᠦᠯ ᠮᠡᠨᠳᠤ ᠶᠢᠨ ᠰᠢᠨᠵᠢᠯᠡᠬᠦ ᠤᠬᠠᠭᠠᠨ ᠤ ᠮᠡᠳᠡᠯᠬᠡ ᠶᠢ ᠲᠦᠬᠡᠮᠡᠯᠵᠢᠬᠦᠯᠬᠦ ᠦᠷ᠎ᠡ ᠪᠦᠳᠦᠮᠵᠢ ᠶᠢ ᠲᠡᠭᠡᠭᠰᠢᠯᠡᠬᠦᠯᠬᠦ ᠶᠢᠨ ᠲᠦᠯᠦᠬᠡ᠂ ᠪᠠᠭᠰᠢ ᠠᠴᠠ ᠬᠡᠷᠡᠭ ᠤᠨ ᠵᠢᠱᠢᠶ᠎ᠡ ᠳᠤ ᠵᠠᠳᠠᠯᠦᠯᠳᠡ ᠬᠢᠬᠦ ᠪᠤᠯᠤᠨ ᠠᠰᠠᠭᠤᠯᠳᠠ ᠬᠠᠷᠢᠭᠤᠯᠳᠠ ᠶᠢᠨ ᠬᠡᠯᠪᠡᠷᠢ ᠪᠠᠷ ᠠᠭᠤᠰᠬᠢᠨ ᠡᠪᠡᠳᠴᠢᠨ ᠤ ᠬᠤᠪᠢᠷᠠᠯ᠂ ᠰᠤᠷᠤᠯᠭ᠎ᠠ ᠶᠢ ᠨᠦᠯᠦᠬᠡᠯᠡᠬᠦ᠂ ᠬᠠᠤᠯᠢ ᠴᠠᠭᠠᠵᠠ ᠶᠢᠨ ᠦᠷ᠎ᠠ ᠳ᠋ᠦ᠋ᠩ ᠵᠡᠷᠭᠡ ᠬᠡᠷᠡᠭ ᠤᠨ ᠵᠢᠱᠢᠶ᠎ᠡ ᠶᠢ ᠬᠤᠪᠢᠶᠠᠯᠴᠠᠵᠠᠢ᠃        ᠲᠤᠰ ᠤᠳᠠᠭᠠᠨ ᠤ ᠠᠵᠢᠯᠯᠠᠭ᠎ᠠ ᠨᠢ 130 ᠭᠠᠷᠦᠢ ᠬᠦᠮᠦᠨ ᠳᠤ ᠠᠰᠢᠭ ᠬᠦᠷᠳᠡᠭᠡᠵᠦ᠂ ᠡᠷᠡᠬᠦᠯ ᠴᠢᠬᠢᠷᠠᠭ ᠠᠮᠢᠳᠦᠷᠠᠯ ᠤᠨ ᠠᠷᠭ᠎ᠠ ᠮᠠᠶ᠋ᠢᠭ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠤᠬᠠᠭᠤᠯᠭ᠎ᠠ ᠶᠢᠨ ᠬᠠᠭᠤᠳᠠᠰᠦ ᠪᠠ ᠲᠠᠮᠠᠬᠢ ᠲᠠᠳᠠᠬᠤ ᠶᠢ ᠰᠡᠷᠬᠡᠶᠢᠯᠡᠬᠦ ᠮᠠᠲ᠋ᠧᠷᠢᠶᠠᠯ ᠤᠨ ᠤᠭᠤᠳᠠ᠂ ᠪᠢᠷ᠂ ᠲᠡᠭᠡᠰᠦ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 700 ᠭᠠᠷᠦᠢ ᠬᠤᠪᠢ ᠲᠠᠷᠬᠠᠭᠠᠵᠠᠢ᠃ ᠲᠠᠷᠠᠭᠠᠴᠢ ᠪᠠᠷ᠂ ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠲᠦᠪ ᠨᠡᠶᠢᠬᠡᠮ ᠲᠤᠭᠤᠷᠢᠭ᠂ ᠠᠵᠦ ᠠᠬᠤᠶᠢᠯᠠᠯ᠂ ᠨᠡᠶᠢᠳᠡ ᠶᠢᠨ ᠲᠠᠯᠠᠪᠦᠷ ᠭᠠᠵᠠᠷ ᠢᠶᠠᠷ ᠬᠦᠨᠵᠡᠬᠡᠶᠢᠷᠡᠨ᠂ ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ᠂ ᠡᠷᠡᠬᠦᠯ ᠮᠡᠨᠳᠤ ᠶᠢᠨ ᠠᠯᠪᠠᠨ ᠵᠢᠷᠦᠮ ᠤᠨ ᠡᠮᠴᠢᠯᠡᠭᠡ᠂ ᠱᠠᠩᠨᠠᠯ ᠲᠠᠢ ᠠᠰᠠᠭᠤᠯᠳᠠ ᠬᠠᠷᠢᠭᠤᠯᠬᠤ ᠵᠡᠷᠭᠡ ᠰᠢᠷᠢᠰ ᠡᠯᠪᠡᠭ ᠠᠭᠤᠯᠭ᠎ᠠ ᠲᠠᠢ ᠠᠵᠢᠯᠯᠠᠭ᠎ᠠ ᠦᠷᠨᠢᠬᠦᠯᠵᠦ᠂ ᠪᠦᠬᠦ ᠠᠷᠠᠳ ᠢᠶᠠᠷ ᠢᠶᠠᠨ ᠤᠷᠤᠯᠴᠠᠬᠰᠠᠨ᠂ ᠬᠠᠮᠳᠤᠪᠡᠷ ᠲᠠᠮᠠᠬᠢ ᠲᠠᠳᠠᠬᠤ ᠦᠬᠡᠢ ᠤᠷᠴᠢᠨ ᠲᠤᠭᠤᠷᠢᠨ ᠢ ᠪᠦᠷᠢᠯᠳᠦᠬᠦᠯᠬᠦ ᠪᠤᠯᠤᠨ᠎ᠠ᠃ ︵ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号